ᠤᠯᠠᠭᠠᠨᠴᠠᠪ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠄ ᠪᠠᠶᠢᠴᠠᠭᠠᠯᠲᠠ ᠪᠠᠨ ᠴᠢᠩᠭᠠᠳᠬᠠᠵᠤ ︽ᠨᠠᠢᠮᠠᠨ ᠰᠠᠷ᠎ᠠ ᠶᠢᠨ ᠠᠷᠪᠠᠨ ᠳᠠᠪᠤᠨ ᠤ ᠪᠠᠶᠠᠷ ᠤᠨ ᠰᠥᠨᠢ ᠶᠢᠨ ᠵᠠᠬ᠎ᠠ ᠳᠡᠯᠭᠡᠭᠦᠷ︾ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/9/14
     ᠨᠠᠢᠮᠠᠨ ᠰᠠᠷ᠎ᠠ ᠶᠢᠨ ᠠᠷᠪᠠᠨ ᠳᠠᠪᠤᠨ ᠤ ᠪᠠᠶᠠᠷ ᠤᠨ ᠬᠤᠭᠤᠴᠠᠭᠠᠨ ᠳᠠᠬᠢ ᠵᠤᠭᠠᠴᠠᠭᠰᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠨᠠᠢᠮᠠᠨ ᠰᠠᠷ᠎ᠠ ᠶᠢᠨ ᠠᠷᠪᠠᠨ ᠳᠠᠪᠤᠨ ᠤ ᠪᠠᠶᠠᠷ ᠠᠴᠠ ᠡᠮᠦᠨᠡᠬᠡᠨ ᠮᠠᠨ ᠤ ᠬᠤᠲᠠ ᠶᠢᠨ ᠰᠥᠨᠢ ᠶᠢᠨ ᠵᠠᠬ᠎ᠠ ᠳᠡᠯᠭᠡᠭᠦᠷ ᠤᠨ ᠣᠷᠣᠨ ᠪᠦᠰᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠥᠨᠢ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠵᠡᠩᠨᠡᠯᠲᠡ ᠶᠢ ᠦᠨᠡᠨ ᠬᠦ ᠪᠠᠲᠤᠯᠠᠪᠠ᠃    ᠪᠠᠶᠠᠷ ᠤᠨ ᠡᠳᠦᠷ ᠠᠴᠠ ᠡᠮᠦᠨ᠎ᠡ ᠨᠢᠭᠡ ᠭᠠᠷᠠᠭ ᠲᠤ᠂ ᠤᠯᠠᠭᠠᠨᠴᠠᠪ ᠤᠨ ᠭᠠᠯ ᠤᠨᠲᠠᠷᠠᠭᠠᠬᠤ ᠠᠩᠬᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠦᠸᠧᠽᠢ᠂ ᠰᠢᠩ ᠾᠧ ᠵᠡᠷᠭᠡ ᠭᠠᠵᠠᠷ ᠲᠤ ᠰᠥᠨᠢ ᠶᠢᠨ ᠵᠠᠬ᠎ᠠ ᠳᠡᠯᠭᠡᠭᠦᠷ᠂ ᠲᠣᠭᠯᠠᠯᠲᠠ᠂ ᠲᠣᠮᠣ ᠬᠡᠯᠪᠡᠷᠢ ᠶᠢᠨ ᠠᠵᠢᠯᠯᠠᠭ᠎ᠠ ᠪᠠᠶᠢᠬᠤ ᠭᠠᠵᠠᠷ ᠣᠷᠣᠨ ᠳᠤ ᠨᠢᠭᠡᠳᠦᠯᠲᠡᠶ ᠪᠠᠶᠢᠷᠢᠯᠠᠭᠤᠯᠤᠯᠲᠠ ᠬᠢᠵᠦ᠂ ᠳᠣᠲᠣᠭᠠᠳᠤ ᠶᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ᠂ ᠵᠠᠬ᠎ᠠ ᠳᠡᠯᠭᠡᠭᠦᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠨᠠᠢᠮᠠᠨ ᠰᠠᠷ᠎ᠠ ᠶᠢᠨ ᠠᠷᠪᠠᠨ ᠳᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠰᠥᠨᠢ ᠶᠢᠨ ᠵᠠᠬ᠎ᠠ ᠳᠡᠯᠭᠡᠭᠦᠷ ᠤᠨ ᠲᠤᠬᠠᠶ ᠶᠢᠨ ᠲᠠᠯᠠᠪᠤᠷ ᠤᠨ ᠡᠯ᠎ᠡ ᠲᠠᠯᠠᠪᠤᠷ᠂ ᠳᠡᠯᠭᠡᠭᠡ ᠮᠠᠶᠢᠮᠠᠶ ᠶᠢᠨ ᠣᠷᠣ ᠵᠢᠴᠢ ᠡᠷᠬᠢᠨ ᠲᠣᠭᠤᠷᠢᠨ ᠤ ᠨᠢᠭᠡᠴᠢ ᠶᠢ ᠲᠥᠪᠯᠡᠷᠡᠭᠦᠯᠦᠨ ︽ᠪᠠᠶᠢᠴᠠᠭᠠᠨ ᠵᠢᠯᠤᠭᠤᠳᠬᠤ + ᠳᠠᠯᠳᠠ ᠬᠡᠮ ᠢ ᠵᠢᠭᠰᠠᠭᠠᠨ ᠪᠠᠶᠢᠴᠠᠭᠠᠬᠤ + ᠤᠬᠠᠭᠤᠯᠤᠨ ᠪᠣᠯᠪᠠᠰᠤᠷᠠᠭᠤᠯᠬᠤ︾ ᠶᠢ ᠨᠢᠭᠡ ᠴᠣᠭᠴᠠᠵᠢᠭᠤᠯᠤᠭᠰᠠᠨ ︽ᠲᠣᠤᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠡᠯ᠎ᠡ ᠭᠠᠵᠠᠷ ᠤᠨ ᠬᠠᠤᠯᠢ ᠬᠡᠷᠡᠭᠵᠢᠭᠦᠯᠬᠦ ᠠᠵᠢᠯᠲᠠᠨ᠂ ᠲᠤᠰᠬᠠᠶ ᠲᠤᠰᠢᠶᠠᠯᠲᠤ ᠤᠬᠠᠭᠤᠯᠤᠭᠴᠢ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯᠲᠠᠨ ᠲᠠᠢ ᠬᠠᠮᠲᠤᠷᠠᠨ ᠳᠡᠯᠭᠡᠭᠡ ᠮᠠᠶᠢᠮᠠᠶ ᠳᠤ ᠨᠢᠭᠡᠳ ᠨᠢᠭᠡ ᠪᠠᠷ ᠪᠠᠶᠢᠴᠠᠭᠠᠯᠲᠠ ᠬᠢᠬᠦ ᠬᠡᠷᠡᠭᠲᠡᠶ ᠭᠡᠵᠦ ᠱᠠᠭᠠᠷᠳᠠᠪᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠡᠳᠦᠷ ᠦᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2