ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2024/9/14
    ᠰᠢᠨᠬᠤᠸᠠ ᠬᠤᠷᠢᠶ᠎ᠠ ᠶᠢᠨ ᠯᠠᠨᠵᠧᠦ ᠶᠢᠨ 9 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠠᠮᠠᠭᠠᠯᠠᠯᠲᠠ ᠶᠢ ᠴᠢᠬᠤᠯᠠᠴᠢᠯᠠᠬᠤ᠂ ᠵᠠᠰᠠᠯᠲᠠ ᠶᠢ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠬᠤ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
    9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃     ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ ᠤᠷᠢᠳ ᠬᠤᠵᠢᠳ ᠦᠭᠡ ᠬᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠤ ᠭᠤᠣᠯ ᠬᠠᠷᠢᠭᠤᠴᠠᠯᠭᠠᠲᠠᠨ ᠪᠢᠴᠢᠭ ᠤᠨ ᠭᠡᠯᠪᠡᠷᠢ ᠶᠢᠨ ᠦᠭᠡ ᠬᠡᠯᠡᠬᠦ ᠮᠠᠲ᠋ᠧᠷᠢᠶᠠᠯ ᠳᠡᠪᠰᠢᠭᠦᠯᠵᠡᠢ᠃     ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ ᠨᠠᠭᠠᠰᠢ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠡᠨᠧᠷᠭᠢ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠲᠠᠰᠤᠷᠠᠯᠲᠠ ᠦᠭᠡᠢ ᠪᠠᠬᠢᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠭᠢᠯᠠᠰ ᠴᠡᠭ ᠴᠥᠭᠡᠨ ᠪᠤᠰᠤ ᠢᠯᠡᠷᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ ᠤ ᠬᠠᠮᠲᠤ ᠪᠠᠰᠠ ᠴᠥᠭᠡᠨ ᠪᠤᠰᠤ ᠪᠡᠷᠬᠡ ᠰᠡᠳᠦᠪ ᠢ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠠᠲᠤᠨ ᠭᠤᠣᠯ ᠤᠨ ᠵᠠᠰᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠠᠩ ᠳᠣᠪᠤᠶᠢᠯᠭᠠᠵᠤ᠂ ᠳᠡᠭᠡᠷ᠎ᠡ ᠳᠣᠣᠷ᠎ᠠ ᠤᠷᠤᠰᠬᠠᠯ ᠨᠡᠪᠲᠡᠷᠡᠯᠴᠡᠵᠦ ᠨᠢᠭᠡ ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠡᠭᠦᠷᠡᠰᠦ ᠮᠠᠯᠲᠠᠭᠰᠠᠨ ᠠᠴᠠ ᠪᠣᠯᠵᠤ ᠶᠡᠭᠦᠷᠡᠭᠰᠡᠨ ᠣᠷᠣᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠴᠢᠬᠤᠯᠠ ᠰᠠᠯᠪᠤᠷᠢ ᠤᠷᠤᠰᠬᠠᠯ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠵᠠᠰᠠᠬᠤ ᠠᠵᠢᠯ ᠢ ᠴᠢᠩᠭᠠᠳᠬᠠᠵᠤ᠂ ᠭᠤᠣᠯ ᠳᠠᠭᠠᠵᠦ ᠨᠠᠭᠤᠷ ᠲᠣᠭᠤᠷᠢᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠪᠠᠭ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠬᠤ ᠬᠡᠷᠡᠭᠲᠡᠢ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠬᠡᠷᠡᠭᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠭᠦ ᠰᠠᠪᠠ ᠭᠠᠵᠠᠷ᠂ ᠵᠠᠬ᠎ᠠ ᠳᠡᠯᠭᠡᠭᠦᠷᠵᠢᠭᠰᠡᠨ᠂ ᠤᠯᠠᠨ ᠡᠰᠢᠵᠢᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠷ᠎ᠡ ᠬᠢᠵᠠᠭᠠᠷ ᠢ ᠴᠢᠩᠭ᠎ᠠ ᠰᠠᠬᠢᠵᠤ᠂ ᠤᠰᠤᠨ ᠪ᠊ ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠᠨ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠭᠠᠵᠠᠷ ᠳᠠᠷᠢᠶ᠎ᠠ ᠪᠠᠨ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠦᠢᠯᠡᠳᠪᠦᠷᠢᠯᠡᠯ ᠢᠶᠠᠨ ᠲᠣᠭᠲᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠪᠦᠭᠦ ᠰᠠᠪᠠ ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠭᠠᠵᠠᠷ ᠳᠣᠣᠷᠠᠬᠢ ᠤᠰᠤᠨ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠳᠤᠮᠳᠠ ᠳᠣᠣᠷ᠎ᠠ ᠤᠷᠤᠰᠬᠠᠯ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ︽ᠨᠠᠶᠠᠨ ᠲᠤᠯᠤᠭᠠᠨ ᠣᠨ︾ ᠤ ᠤᠰᠤ ᠰᠠᠯᠭᠠᠬᠤ ᠲᠥᠰᠥᠯ ᠢ ᠯᠠᠪᠳᠠᠭᠤᠨ ᠢᠶᠠᠷ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ᠃ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠳᠤᠨ ᠭᠤᠣᠯ ᠤᠨ ᠠᠮᠤᠷ ᠲᠣᠭᠲᠠᠭᠤᠨ ᠢ ᠪᠦᠭᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠤᠰᠤ ᠡᠯᠡᠰᠦ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠯᠠᠭᠴᠢ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠣᠯ ᠪᠤᠯᠭᠠᠬᠰᠠᠨ ᠲᠣᠬᠢᠷᠠᠭᠤᠯᠭ᠎ᠠ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠭᠤᠣᠯ ᠤᠷᠤᠰᠬᠠᠯ ᠰᠠᠯᠪᠤᠷᠢ ᠤᠷᠤᠰᠬᠠᠯ ᠢ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠠᠷᠢᠮᠲᠠᠯᠠᠵᠤ᠂ ᠭᠤᠣᠯ ᠤᠷᠤᠰᠬᠠᠯ ᠤᠨ ᠭᠤᠣᠯᠳᠠᠯᠭ᠎ᠠ ᠲᠠᠢ ᠭᠤᠣᠯ ᠤᠨ ᠬᠡᠰᠡᠭ᠂ ᠠᠶᠤᠯᠲᠠᠢ ᠪᠠᠷᠢᠯᠭ᠎ᠠ ᠶᠢᠨ ᠬᠡᠰᠡᠭ ᠤᠨ ᠵᠠᠰᠠᠯᠲᠠ ᠶᠢ ᠠᠬᠢᠭᠤᠯᠵᠤ᠂ ᠴᠢᠬᠤᠯᠠ ᠰᠡᠷᠭᠡᠶᠢᠯᠡᠯᠲᠡ ᠶᠢᠨ ᠤᠰᠤᠨ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠪᠠ ᠪᠠᠶᠢᠩᠭᠤᠵᠢᠭᠰᠠᠨ᠂ ᠵᠢᠩᠬᠢᠨᠢ ᠪᠠᠶᠢᠯᠳᠤᠭᠠᠨᠴᠢᠯᠠᠬᠰᠡᠨ ᠬᠠᠮᠵᠢᠯᠴᠠᠨ ᠳᠠᠶᠢᠴᠢᠯᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠪᠠᠭᠤᠯᠢᠭ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠳᠡᠭᠡᠷᠡᠬᠢ ᠤᠷᠤᠰᠬᠠᠯ᠂ ᠭᠠᠵᠠᠷ ᠳᠣᠣᠷᠠᠬᠢ ᠤᠰᠤᠨ ᠳᠤ ᠦᠵᠡᠭᠦᠯᠭᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠪᠠ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠮᠡᠷᠭᠡᠵᠢᠯ ᠢ ᠰᠢᠯᠵᠢᠭᠦᠯᠬᠦ ᠪᠠ ᠠᠵᠤ ᠦᠢᠯᠡᠰᠵᠢᠭᠦᠯᠦᠨ ᠦᠢᠯᠡᠴᠢᠯᠡᠬᠦ ᠲᠣᠭᠲᠠᠴᠠ ᠶᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠪᠦᠭᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠯ᠎ᠡ ᠵᠦᠢᠯ ᠤᠨ ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠬᠤ ᠦᠵᠡᠯ ᠢ ᠡᠷᠡᠰ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠢᠰᠲ᠋ᠧᠮ ᠢ ᠪᠠᠶᠢᠭᠤᠯᠵᠤ᠂ ᠣᠨᠴᠠ ᠶᠡᠭᠡ ᠬᠤᠲᠠ ᠨᠤᠭᠤᠳ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠲᠤᠨ ᠭᠤᠣᠯ ᠳᠠᠭᠠᠤ ᠶᠢᠨ ᠬᠤᠲᠠ ᠶᠢᠨ ᠪᠥᠭᠡᠮᠨᠡᠷᠡᠯ ᠨᠢ ᠬᠥᠮᠥᠨ ᠠᠮᠠ ᠶᠢᠨ ᠲᠥᠪᠯᠡᠷᠡᠯ ᠪᠣᠯᠣᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠮᠤᠵᠢ ᠣᠷᠣᠨ ᠰᠤᠨᠳᠠᠯᠠᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠢ ᠪᠠᠷ ᠬᠥᠭᠵᠢᠬᠦ᠂ ᠡᠷᠴᠢᠮᠯᠢᠭ ᠠᠪᠰᠠᠷᠬᠠᠨ ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ᠂ ᠰᠢᠶᠠᠨ ᠤ ᠬᠤᠲᠠ ᠶᠢᠨ ᠠᠵᠤ ᠦᠢᠯᠡᠰ ᠪᠣᠯᠣᠨ ᠬᠥᠮᠥᠨ ᠠᠮᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠠᠮᠢ ᠠᠬᠤᠢ ᠶᠢᠨ ᠬᠡᠪᠡᠷᠡᠭ ᠣᠷᠣᠨ ᠤ ᠳᠠᠭᠠᠭᠠᠬᠤ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ ᠰᠢᠶᠠᠨ ᠤ ᠬᠤᠲᠠ ᠶᠢᠨ ᠬᠤᠲᠠ ᠶᠢ ᠬᠤᠯᠪᠣᠬᠤ᠂ ᠬᠥᠳᠡᠭᠡ ᠲᠣᠰᠬᠤᠨ ᠢ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠤᠳᠠ ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ ᠪᠠ ᠬᠥᠳᠡᠭᠡ ᠲᠣᠰᠬᠤᠨ ᠤ ᠠᠵᠤ ᠦᠢᠯᠡᠰ ᠢ ᠪᠤᠶᠢᠵᠢᠭᠤᠯᠬᠤ ᠳᠤ ᠴᠥᠮ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠶᠢ ᠴᠢᠬᠤᠯᠠᠴᠢᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠪᠣᠯ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠪᠣᠯᠪᠠᠰᠤᠨ ᠤ ᠴᠢᠬᠤᠯᠠ ᠭᠤᠯᠣᠮᠲᠠ ᠣᠷᠣᠨ ᠮᠥᠨ᠂ ᠬᠠᠳᠤᠨ ᠭᠤᠣᠯ ᠤᠨ ᠰᠣᠶᠣᠯ ᠢ ᠬᠠᠮᠠᠭᠠᠯᠠᠨ ᠪᠠᠳᠠᠷᠠᠭᠤᠯᠵᠤ᠂ ᠲᠡᠦᠬᠡ ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠦᠨᠳᠦᠰᠦ ᠶᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠰᠣᠶᠣᠯ ᠤᠨ ᠥᠪ ᠪᠣᠯᠣᠨ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠲᠠᠢ ᠬᠠᠮᠠᠭᠠᠯᠠᠯᠲᠠ ᠶᠢ ᠴᠢᠩᠭᠠᠳᠬᠠᠵᠤ᠂ ᠬᠠᠭᠤᠴᠢ ᠰᠤᠳᠤᠯᠤᠯ ᠵᠡᠷᠭᠡ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ ᠬᠡᠷᠡᠭᠲᠡᠢ᠃ ᠬᠠᠳᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠰᠢᠨᠲᠠᠷᠠᠰᠢ ᠦᠭᠡᠢ ᠲᠡᠮᠡᠴᠡᠬᠦ ᠦᠨᠳᠦᠰᠦᠲᠡᠨ ᠤ ᠵᠠᠩ ᠴᠢᠨᠠᠷ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠦᠬᠦᠢ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ ᠰᠠᠶᠢᠲᠤᠷ ᠳᠠᠭᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠣᠨ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠪᠠᠲᠤ ᠪᠠᠬᠢ᠂ ᠲᠤᠯᠭᠠᠭᠤᠷᠢᠯᠠᠯ ᠬᠦᠴᠦᠨ ᠲᠠᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ︽ᠬᠥᠮᠥᠨ ᠪᠠ ᠤᠰᠤᠨ ᠤ ᠬᠠᠷᠢᠴᠠᠭ᠎ᠠ ︾ ᠡᠨᠡ ᠬᠦ ᠶᠡᠭᠡ ᠶᠠᠪᠤᠳᠠᠯ ᠢ ᠨᠠᠷᠢᠯᠢᠭ ᠰᠠᠶᠢᠲᠤᠷ ᠬᠢᠵᠦ᠂ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠲᠣᠰ ᠲᠣᠰ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠣᠷᠣᠯᠴᠠᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ᠃     ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2