ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠤᠬᠠᠭᠤᠯᠤᠨ ᠲᠠᠶᠢᠯᠪᠤᠷᠢᠯᠠᠵᠠᠢ
ᠨᠡᠶᠢᠲᠡᠯᠡᠭᠰᠡᠨ ᠴᠠᠭ᠄
2024/9/14
    9 ᠰᠠᠷ᠎ᠠ ᠶᠢᠨ 12 ᠤᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃     ᠤᠬᠠᠭᠤᠯᠤᠨ ᠲᠠᠶᠢᠯᠪᠤᠷᠢᠯᠠᠬᠤ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠵᠢᠶᠠᠨ ᠫᠢᠩ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪ ᠤᠨ ᠲᠣᠭᠤᠷᠢᠨ ᠳᠤ᠂ ᠡᠨᠡ ᠤᠳᠠᠭᠠᠨ ᠤ ᠪᠥᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠮᠥᠨ︔ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠶ᠎ᠠ︔ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠶ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠠᠭᠤᠯᠭ᠎ᠠ ᠳᠤ ᠭᠦᠨᠵᠡᠭᠡᠶ ᠲᠠᠶᠢᠯᠤᠮᠵᠢ ᠬᠢᠪᠡ᠃ ᠮᠡᠳᠡᠭᠦᠯᠦᠯᠲᠡ ᠶᠢᠨ ᠬᠤᠷᠠᠯ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠮᠥᠷᠲᠡᠭᠡᠨ ᠪᠠᠰᠠ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠥᠪᠡᠷᠮᠢᠴᠡ ᠦᠵᠡᠯᠲᠡ ᠲᠠᠢ ᠪᠠᠶᠢᠵᠤ᠂ ᠨᠠᠷᠢᠨ ᠲᠣᠳᠣᠷᠬᠠᠢ ᠥᠭᠦᠯᠡᠵᠦ᠂ ᠮᠠᠨ ᠤ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠦᠵᠡᠯ ᠰᠠᠨᠠᠭᠠᠨ ᠤ ᠪᠠᠲᠤᠯᠠᠭ᠎ᠠ ᠪᠠ ᠤᠶᠤᠨ ᠰᠠᠨᠠᠭᠠᠨ ᠤ ᠬᠦᠴᠦᠨ ᠴᠢᠳᠠᠯ ᠬᠠᠩᠭᠠᠵᠠᠢ᠃     ︽ᠯᠢᠦ ᠡᠷᠬᠢᠯᠡᠭᠴᠢ ᠶᠢᠨ ᠮᠡᠳᠡᠭᠦᠯᠦᠯᠲᠡ ᠶᠢᠨ ᠭᠤᠣᠯ ᠰᠡᠳᠦᠪ ᠢᠯᠡ ᠲᠣᠳᠣ᠂ ᠵᠣᠭᠰᠣᠴᠠ ᠥᠨᠳᠥᠷ᠂ ᠠᠭᠤᠯᠭ᠎ᠠ ᠪᠠᠶᠠᠯᠢᠭ ᠪᠠᠶᠢᠵᠤ᠂ ᠪᠢᠳᠡᠨ ᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠣᠶᠢᠯᠠᠭᠠᠬᠤ ᠳᠤ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠣᠶᠢᠯᠠᠭᠠᠬᠤ ᠲᠠᠢ ᠤᠶᠠᠯᠳᠤᠭᠤᠯᠬᠤ ᠪᠠ ᠨᠡᠪᠲᠡᠷᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠠᠢ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠭᠡᠷᠡᠴᠢᠯᠡᠯᠲᠡ ᠶᠢᠨ ︿ᠲᠥᠯᠥᠪᠵᠢᠭᠦᠯᠭᠡ ᠶᠢᠨ ᠵᠢᠷᠤᠭ﹀ ᠢ ᠥᠭᠡᠷᠡᠴᠢᠯᠡᠯᠲᠡ ᠶᠢᠨ ︿ᠪᠣᠳᠠᠲᠤ ᠵᠢᠷᠤᠭ﹀ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ᠂ ᠰᠢᠨ᠎ᠡ ᠰᠢᠪᠲᠤᠯᠤᠯᠲᠠ ᠲᠠᠢ ᠪᠣᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠧᠩ ᠶᠠᠨ ᠹᠠᠩ ᠬᠡᠯᠡᠪᠡ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2