ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠱᠠᠩᠳᠤ ᠰᠢᠶᠠᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/18
     ᠣᠶᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠱᠠᠩᠳᠤ ᠰᠢᠶᠠᠨ ᠳᠤ ᠬᠦᠷᠴᠦ᠂ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠶᠦᠨ ᠰᠢᠤᠸᠠᠢ ᠶᠠᠨ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠭᠤᠣᠯ ᠦᠷ᠎ᠡ ᠪᠦᠲᠦᠭᠡᠯ ᠢ ᠭᠦᠢᠴᠡᠳ ᠲᠠᠨᠢᠬᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠠᠭᠤᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠠᠵᠢᠯ ᠣᠯᠭᠤᠬᠤ ᠦᠢᠯᠡᠰ ᠪᠤᠰᠬᠠᠬᠤ ᠵᠠᠮ ᠢ ᠥᠷᠭᠡᠳᠬᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠠᠪᠤᠨ ᠲᠠᠯ᠎ᠠ ᠠᠴᠠ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃      ᠬᠤᠷᠠᠯ ᠳᠤ ᠣᠷᠣᠯᠴᠠᠭᠰᠠᠳ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠲᠣᠳᠣᠷᠬᠠᠶᠢᠯᠠᠭᠰᠠᠨ ᠡᠯ᠎ᠡ ᠵᠦᠢᠯ ᠤᠨ ᠬᠠᠷᠠᠯᠲᠠ ᠪᠣᠯᠤᠨ ᠡᠭᠦᠷᠭᠡ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠱᠠᠩᠳᠤ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠡᠯ᠎ᠡ ᠬᠦᠷᠢᠶ᠎ᠡ᠂ ᠡᠯ᠎ᠡ ᠲᠠᠯ᠎ᠠ ᠳᠤ ᠦᠨᠡᠨᠬᠦ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠱᠠᠩᠳᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2