ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠳᠤᠯᠠᠭᠠᠯᠠᠬᠤ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ
ᠨᠡᠶᠢᠲᠡᠯᠡᠭᠰᠡᠨ ᠴᠠᠭ᠄
2024/9/18
      9 ᠰᠠᠷ᠎ᠠ ᠶᠢᠨ 13 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢᠭᠡᠨᠲᠡ ᠨᠢᠭᠡᠳᠦᠭᠡᠷ᠂ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ 24.5 ᠺᠢᠯᠣᠮᠧᠲᠷ ᠳᠡᠪᠢᠰᠪᠡ︔ 7 ᠢᠯᠴᠢ ᠰᠣᠯᠢᠯᠴᠠᠬᠤ ᠥᠷᠲᠡᠭᠡ ᠶᠢᠨ ᠲᠥᠬᠦᠭᠡᠷᠦᠮᠵᠢ ᠶᠢᠨ ᠰᠠᠭᠤᠷᠢ ᠶᠢ ᠴᠢᠳᠬᠤᠬᠤ ᠠᠵᠢᠯ ᠤᠨ ᠳᠠᠷᠠᠭᠠᠯᠠᠯ ᠢ ᠪᠡᠶᠡᠯᠡᠭᠦᠯᠪᠡ︔ ᠬᠦᠷᠢᠶ᠎ᠡ ᠬᠠᠰᠢᠶ᠎ᠠ ᠵᠢᠴᠢ ᠠᠰᠠᠷ ᠤᠨ ᠳᠣᠲᠣᠷᠠᠬᠢ ᠭᠠᠵᠠᠷ ᠤᠨ ᠬᠤᠭᠤᠯᠠᠶ ᠶᠢᠨ ᠲᠣᠤᠷ ᠤᠨ 33.4 ᠺᠢᠯᠣᠮᠧᠲᠷ ᠤᠨ ᠢᠵᠢ ᠪᠦᠷᠢᠳᠦᠭᠦᠯᠬᠦ ᠨᠡᠭᠡᠭᠡᠯᠭᠡ ᠶᠢᠨ ᠳᠠᠭᠠᠯᠲᠠ ᠲᠥᠬᠦᠭᠡᠷᠦᠮᠵᠢ ᠶᠢ ᠰᠣᠯᠢᠪᠠ︔ 1150 ᠳᠣᠯᠠᠭᠠᠨ ᠤ ᠬᠡᠮᠵᠢᠶ᠎ᠡ ᠲᠠᠢ ᠴᠤᠭᠯᠠᠭᠤᠯᠬᠤ ᠮᠠᠰᠢᠨ ᠢ ᠬᠤᠳᠠᠯᠳᠤᠨ ᠠᠪᠴᠤ᠂ ᠨᠢᠭᠡᠨᠲᠡ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠬᠢᠨᠠᠨ ᠬᠡᠮᠵᠢᠬᠦ ᠲᠤᠷᠰᠢᠯᠲᠠ 300 ᠡᠷᠦᠬᠡ ᠳᠤ ᠬᠢᠵᠦ᠂ ᠦᠯᠡᠳᠡᠭᠰᠡᠨ ᠬᠡᠰᠡᠭ ᠢ ᠶᠠᠭ ᠪᠠᠷᠠᠭ᠎ᠠ ᠬᠠᠩᠭᠠᠵᠤ ᠪᠠᠶᠢᠨ᠎ᠠ᠃ 7449 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦᠯᠢ ᠴᠣᠭᠴᠠ ᠶᠢᠨ ᠢᠨᠵᠧᠨᠧᠷᠢᠩ ᠢ 9 ᠰᠠᠷ᠎ᠠ ᠶᠢᠨ 20 ᠤ ᠡᠳᠦᠷ ᠠᠴᠠ ᠡᠮᠦᠨ᠎ᠡ ᠳᠠᠭᠤᠰᠬᠠᠨ᠎ᠠ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2