ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠬᠤᠷᠠᠯ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠨᠠᠷᠢᠨ ᠬᠢᠨᠠᠮᠠᠭᠠᠢ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠪᠣᠯᠤᠨ ᠡᠯ᠎ᠡ ᠲᠤᠰᠬᠠᠶ ᠵᠥᠪᠯᠡᠯ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠷᠠᠯ ᠠᠴᠠ ᠡᠮᠦᠨ᠎ᠡ ᠪᠠ ᠬᠤᠷᠠᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ᠂ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2