ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/2
    8 ᠰᠠᠷ᠎ᠠ ᠶᠢᠨ 28 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠡᠳ᠋ ᠳᠠᠷᠤᠭ᠎ᠠ ᠦ᠋ ᠵᠠᠨ ᠵᠢᠶᠦ᠋ᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ︽ᠲᠣᠭᠲᠠᠭᠠᠯ︾ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃ ᠮᠡᠳᠡᠭᠦᠯᠦᠯᠲᠡ ᠶᠢᠨ ᠬᠤᠷᠠᠯ ᠤᠨ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠢ ᠤᠢᠢᠯᠠᠭᠠᠨ ᠡᠵᠡᠮᠰᠢᠬᠦ ᠳᠤ ᠬᠦᠴᠦᠲᠡᠢ ᠵᠢᠯᠤᠭᠤᠳᠤᠯᠭ᠎ᠠ ᠬᠠᠪᠰᠤᠷᠤᠯᠭ᠎ᠠ ᠦᠵᠡᠭᠦᠯᠪᠡ᠃     ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠦᠶ᠎ᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠢ ᠲᠡᠷᠡ ᠬᠡᠪ ᠢᠶᠠᠷ ᠨᠢ ᠨᠠᠷᠢᠨ ᠤᠩᠰᠢᠵᠤ ᠨᠡᠪᠲᠡᠷᠡᠲᠡᠯ᠎ᠡ ᠣᠶᠢᠯᠠᠭᠠᠵᠤ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ︿ᠵᠢᠷᠭᠤᠭᠠᠨ ᠢᠨᠵᠧᠨᠧᠷᠢᠩ﹀ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢ ᡁᠢ ᠯᠢᠨ ᠬᠡᠯᠡᠪᠡ᠃                               ᠣᠷᠴᠢᠭᠤᠯᠤᠭᠴᠢ᠄ ᠭᠤᠸ᠎ᠠ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2