ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠳᠤᠯᠠᠭᠠᠯᠠᠬᠤ ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠵᠤ ᠰᠠᠭᠤᠭᠠᠯᠢ ᠠᠷᠠᠳ ᠤᠨ ᠵᠣᠯ ᠵᠢᠷᠭᠠᠯ ᠤᠨ ︽ᠳᠤᠯᠠᠭᠠᠴᠠ︾ ᠶᠢ ᠪᠦᠬᠦ ᠲᠠᠯ᠎ᠠ ᠪᠠᠷ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2024/9/2
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠳᠤᠯᠠᠭᠠᠯᠠᠬᠤ ᠢᠨᠵᠧᠨᠧᠷᠢᠩ︾ ᠢ ᠬᠡᠷᠡᠭᠵᠢᠭᠦᠯᠬᠦ ᠭᠤᠤᠯ ᠲᠥᠷᠥᠯ ᠵᠦᠢᠯ᠄ ᠬᠠᠭᠤᠴᠢᠨ ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ 14.95 ᠺᠢᠯᠣᠮᠧᠲᠷ᠂ ᠬᠤᠶᠠᠳᠤᠭᠠᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ 20.67 ᠺᠢᠯᠣᠮᠧᠲᠷ᠂ ᠬᠦᠷᠢᠶ᠎ᠡ ᠬᠠᠰᠢᠶᠠᠨ ᠤ ᠬᠤᠶᠠᠳᠤᠭᠠᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ 62.4 ᠺᠢᠯᠣᠮᠧᠲᠷ ᠥᠭᠡᠷᠡᠴᠢᠯᠡᠨ ᠵᠠᠰᠠᠵᠤ᠂ ᠤᠤᠯ ᠤᠨ 50 ᠬᠠᠭᠤᠴᠢᠷᠬᠠᠰᠠᠨ ᠢᠯᠴᠢ ᠰᠣᠯᠢᠯᠴᠠᠬᠤ ᠥᠷᠲᠡᠭᠡ ᠶᠢ 13 ︵ᠡᠭᠦᠨ ᠳᠤ 10 ᠰᠠᠭᠤᠷᠢ ᠰᠢᠨ᠎ᠡ ᠪᠠᠷ ᠪᠠᠶᠢᠭᠤᠯᠵᠤ᠂ 3 ᠰᠠᠭᠤᠷᠢ ᠶᠢ ᠨᠢ ᠥᠭᠡᠷᠡᠴᠢᠯᠡᠨ ᠵᠠᠰᠠᠨ᠎ᠠ︶ ᠪᠣᠯᠭᠠᠨ ᠨᠡᠶᠢᠯᠡᠭᠦᠯᠬᠦ ᠶᠢᠨ ᠬᠠᠮᠲᠤ᠂ ᠰᠠᠭᠤᠭᠠᠯᠢ ᠠᠷᠠᠳ ᠤᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠴᠠᠭ ᠲᠤᠬᠠᠶ ᠳᠤᠨᠢ ᠡᠵᠡᠮᠰᠢᠬᠦ ᠶᠢᠨ ᠲᠥᠯᠥᠭᠡ᠂ 1150 ᠡᠷᠦᠬᠡ ᠰᠠᠭᠤᠭᠠᠯᠢ ᠠᠷᠠᠳ ᠤᠨ ᠬᠡᠷ ᠲᠤ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠴᠤᠭᠯᠠᠭᠤᠯᠬᠤ ᠮᠠᠰᠢᠨ ᠢ ᠰᠣᠩᠭᠤᠨ ᠤᠭᠰᠠᠷᠠᠵᠤ᠂ ᠳᠤᠯᠠᠭᠠᠨ ᠤ ᠬᠡᠮᠵᠢᠶ᠎ᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠤᠯᠠᠮᠵᠢᠯᠠᠬᠤ ᠶᠢ ᠪᠡᠶᠡᠯᠡᠭᠦᠯᠬᠦ ᠪᠠᠷ ᠵᠢᠱᠢᠵᠦ᠂ ᠴᠠᠭ ᠲᠤᠬᠠᠶ ᠳᠤᠨᠢ ᠢᠯᠴᠢ ᠬᠠᠩᠭᠠᠬᠤ ᠰᠢᠰᠲ᠋ᠧᠮ ᠤᠨ ᠲᠣᠬᠢᠷᠠᠭᠤᠯᠤᠯᠲᠠ ᠪᠠ ᠬᠡᠷ ᠳᠣᠲᠣᠷᠠᠬᠢ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠣᠳᠣᠬᠠᠨ ᠳᠤ᠂ ᠨᠢᠭᠡᠳᠦᠭᠡᠷ ᠬᠤᠶᠠᠳᠤᠭᠠᠷ ᠳᠡᠰ ᠤᠨ ᠬᠤᠭᠤᠯᠠᠶ ᠶᠢᠨ ᠲᠣᠣᠷ ᠢ ᠨᠢᠭᠡᠨᠲᠡ 5.7 ᠺᠢᠯᠣᠮᠧᠲᠷ ᠳᠡᠪᠢᠰᠴᠦ᠂ 2038 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠥᠭᠡᠷᠡᠴᠢᠯᠡᠨ ᠳᠠᠭᠤᠰᠬᠠᠭᠰᠠᠨ ᠤ ᠳᠠᠷᠠᠭ᠎ᠠ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠬᠤᠶᠠᠳᠤᠭᠠᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠬᠡᠷᠡᠭᠴᠡᠭᠡ ᠶᠢ ᠬᠠᠩᠭᠠᠬᠤ ᠶᠢ ᠦᠨᠡᠨ ᠬᠦ ᠪᠠᠲᠤᠯᠠᠵᠤ᠂ ᠪᠠᠶᠠᠨᠴᠠᠭᠠᠨ ᠪᠠᠯᠭᠠᠰᠤᠨ ᠤ ᠪᠦᠬᠦᠯᠢ ᠴᠣᠭᠴᠠ ᠶᠢᠨ ᠢᠯᠴᠢ ᠬᠠᠩᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠢᠯᠴᠢ ᠰᠣᠯᠢᠯᠴᠠᠬᠤ ᠥᠷᠲᠡᠭᠡ ᠨᠢ ᠨᠢᠭᠡᠨᠲᠡ 6 ᠰᠠᠭᠤᠷᠢ ᠰᠢᠷᠤᠢ ᠶᠢᠨ ᠢᠨᠵᠧᠨᠧᠷᠢᠩ ᠪᠠ 1 ᠰᠠᠭᠤᠷᠢ ᠢᠯᠴᠢ ᠰᠣᠯᠢᠯᠴᠠᠬᠤ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠲᠥᠬᠦᠭᠡᠷᠦᠮᠵᠢ ᠶᠢ ᠬᠤᠳᠠᠯᠳᠤᠨ ᠠᠪᠬᠤ ᠶᠢ ᠪᠡᠶᠡᠯᠡᠭᠦᠯᠵᠦ᠂ 577 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠥᠭᠡᠷᠡᠴᠢᠯᠡᠨ ᠪᠠᠷᠠᠭᠰᠠᠨ ᠤ ᠳᠠᠷᠠᠭ᠎ᠠ ᠢᠯᠴᠢ ᠰᠣᠯᠢᠯᠴᠠᠬᠤ ᠥᠷᠲᠡᠭᠡ ᠶᠢᠨ ᠵᠢᠵᠢᠭᠦᠷᠯᠡᠨ ᠰᠠᠬᠢᠬᠤ ᠬᠥᠮᠦᠨ ᠥᠬᠡᠶ ᠪᠠᠶᠢᠬᠤ ᠶᠢ ᠪᠡᠶᠡᠯᠡᠭᠦᠯᠵᠦ᠂ ᠣᠶᠤᠨᠴᠢ ᠢᠯᠴᠢ ᠬᠠᠩᠭᠠᠬᠤ ᠪᠣᠯᠤᠨ᠎ᠠ᠃ ᠪᠦᠬᠦᠯᠢ ᠴᠣᠭᠴᠠ ᠶᠢᠨ ᠢᠨᠵᠧᠨᠧᠷᠢᠩ ᠨᠢ 9 ᠰᠠᠷ᠎ᠠ ᠶᠢᠨ 15 ᠤ ᠡᠳᠦᠷ ᠠᠴᠠ ᠡᠮᠦᠨ᠎ᠡ ᠪᠠᠷᠢᠯᠭ᠎ᠠ ᠳᠠᠭᠤᠰᠴᠤ᠂ ᠲᠠᠷᠠᠭᠠᠴᠢ ᠶᠢᠨ ᠳᠤᠯᠠᠭᠠᠯᠠᠭ᠎ᠠ ᠶᠢᠨ ᠦᠶᠡᠯᠡᠯ ᠤᠨ ᠳᠤᠯᠠᠭᠠᠯᠠᠭ᠎ᠠ ᠬᠠᠩᠭᠠᠬᠤ ᠳᠤ ᠪᠠᠲᠤ ᠪᠠᠬᠢ ᠰᠠᠭᠤᠷᠢ ᠲᠠᠯᠪᠢᠬᠤ ᠪᠣᠯᠤᠨ᠎ᠠ᠃ ᠲᠣᠰ ᠤᠳᠠᠭᠠᠨ ᠤ ᠳᠤᠯᠠᠭᠠᠯᠠᠬᠤ ᠢᠨᠵᠧᠨᠧᠷᠢᠩ ᠤᠨ ᠲᠥᠷᠥᠯ ᠵᠦᠢᠯ ᠨᠢ ᠢᠯᠴᠢ ᠶᠢᠨ ᠢᠷᠡᠯᠲᠡ ᠶᠢ ᠪᠠᠲᠤᠯᠠᠬᠤ᠂ ᠢᠯᠴᠢ ᠶᠢᠨ ᠲᠣᠤᠷ ᠢ ᠰᠢᠨᠡᠳᠬᠡᠬᠦ᠂ ᠢᠯᠴᠢ ᠰᠣᠯᠢᠯᠴᠠᠬᠤ ᠥᠷᠲᠡᠭᠡ ᠶᠢ ᠳᠡᠭᠡᠭᠰᠢᠯᠡᠭᠦᠯᠦᠨ ᠥᠭᠡᠷᠡᠴᠢᠯᠡᠬᠦ᠂ ᠵᠢᠵᠢᠭ ᠲᠣᠭᠤᠷᠢᠭ ᠤᠨ ᠠᠰᠠᠷ ᠤᠨ ᠳᠣᠲᠣᠷᠠᠬᠢ ᠥᠭᠡᠷᠡᠴᠢᠯᠡᠯᠲᠡ᠂ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠠᠴᠠ ᠭᠠᠷᠳᠠᠵᠤ᠂ ᠬᠡᠷᠡᠭᠵᠢᠭᠦᠯᠦᠭᠰᠡᠨ ᠤ ᠳᠠᠷᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠢᠯᠴᠢ ᠬᠠᠩᠭᠠᠬᠤ ᠬᠦᠷᠢᠶᠡᠨ ᠳᠠᠬᠢ ᠲᠦᠭᠵᠢᠷᠡᠯ᠂ ᠬᠦᠴᠢᠷᠳᠡᠯ᠂ ᠬᠠᠯᠠᠮᠰᠢᠯ ᠠᠰᠠᠭᠤᠳᠠᠯ ᠢ ᠶᠡᠭᠡ ᠪᠠᠷ ᠰᠠᠶᠢᠵᠢᠷᠠᠭᠤᠯᠵᠤ᠂ ᠪᠠᠶᠠᠨᠴᠠᠭᠠᠨ ᠪᠠᠯᠭᠠᠰᠤᠨ ᠤ ᠰᠠᠭᠤᠭᠠᠯᠢ ᠠᠷᠠᠳ ᠤᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠳᠤᠯᠠᠭᠠᠨ ᠡᠪᠦᠯᠵᠢᠭᠦᠯᠬᠦ ᠶᠢ ᠦᠨᠡᠨ ᠬᠦ ᠪᠠᠲᠤᠯᠠᠬᠤ ᠪᠣᠯᠤᠨ᠎ᠠ᠃                         ᠵᠣᠬᠢᠶᠠᠭᠴᠢ᠄ ᠱᠢ ᠵᠢᠩ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2