ᠤᠯᠠᠭᠠᠨᠴᠠᠪ ᠬᠤᠲᠠ ᠶᠢᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ ᠺᠣᠮᠫᠢᠦ᠋ᠲ᠋ᠧᠷ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/9/20
     ︽ᠨᠢᠭᠤᠴᠠ ᠳᠤ ᠬᠤᠯᠪᠣᠭᠳᠠᠪᠠᠯ ᠰᠦᠯᠵᠢᠶᠡᠨ ᠳᠤ ᠭᠠᠷᠬᠤ ᠦᠭᠡᠢ᠂ ᠰᠦᠯᠵᠢᠶᠡᠨ ᠳᠤ ᠭᠠᠷᠪᠠᠯ ᠨᠢᠭᠤᠴᠠ ᠳᠤ ᠬᠤᠯᠪᠣᠭᠳᠠᠬᠤ ᠦᠭᠡᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯᠲᠠᠨ ᠤ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂ ᠰᠠᠯᠠᠭ᠎ᠠ ᠲᠠᠰᠤᠭ ᠤᠨ ᠨᠢᠭᠤᠴᠠ ᠶᠢ ᠬᠠᠮᠠᠭᠠᠯᠠᠬᠤ ᠠᠵᠢᠯ ᠢ ᠭᠦᠨᠵᠡᠭᠡᠶ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠨᠢ ᠡᠯᠧᠺᠲᠷᠣᠨ ᠵᠠᠰᠠᠭ ᠤᠨ ᠶᠠᠪᠤᠳᠠᠯ ᠤᠨ ᠲᠥᠪ ᠤᠨ ᠮᠡᠷᠭᠡᠵᠢᠯᠲᠡᠨ ᠢ ᠤᠷᠢᠵᠤ᠂ ᠲᠤᠰᠬᠠᠶ ᠮᠡᠷᠭᠡᠵᠢᠯ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢᠨ ᠪᠠᠭᠠᠵᠢ ᠶᠢ ᠬᠡᠷᠡᠭᠯᠡᠵᠦ᠂ ᠰᠠᠯᠠᠭ᠎ᠠ ᠲᠠᠰᠤᠭ ᠤᠨ ᠨᠢᠭᠤᠴᠠ ᠳᠤ ᠥᠯᠥ ᠬᠤᠯᠪᠣᠭᠳᠠᠬᠤ ᠺᠣᠮᠫᠢᠦ᠋ᠲ᠋ᠧᠷ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠠᠶᠢᠳᠠᠯ ᠳᠤ ᠪᠠᠶᠢᠴᠠᠭᠠᠯᠲᠠ ᠬᠢᠯᠭᠡᠪᠡ᠃   ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠶᠠᠪᠤᠴᠠ ᠳᠤ᠂ ᠮᠡᠷᠭᠡᠵᠢᠯ ᠤᠨ ᠠᠵᠢᠯᠲᠠᠳ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠬᠡᠷᠡᠭᠯᠡᠨ ᠰᠠᠯᠠᠭ᠎ᠠ ᠲᠠᠰᠤᠭ ᠤᠨ ᠨᠢᠭᠤᠴᠠ ᠳᠤ ᠥᠯᠥ ᠬᠤᠯᠪᠣᠭᠳᠠᠬᠤ ᠪᠣᠶ ᠪᠥᠬᠦᠶ ᠺᠣᠮᠫᠢᠦ᠋ᠲ᠋ᠧᠷ ᠤᠨ ᠪᠥᠬᠦ ᠪᠢᠴᠢᠭ ᠮᠠᠲ᠋ᠧᠷᠢᠶᠠᠯ ᠳᠤ ᠵᠠᠩᠭᠢᠯᠠᠭ᠎ᠠ ᠶᠢᠨ ᠥᠰᠥᠭ ᠤᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ᠬᠢᠨᠠᠮᠠᠭᠠᠶ ᠵᠢᠭᠰᠠᠭᠠᠨ ᠪᠠᠶᠢᠴᠠᠭᠠᠬᠤ ᠪᠠ ᠰᠤᠳᠤᠯᠤᠨ ᠮᠠᠭᠠᠳᠯᠠᠵᠤ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠵᠢᠴᠢ ᠮᠡᠳᠡᠭᠡ ᠵᠠᠩᠭᠢ ᠶᠢ ︽ᠬᠠᠳᠠᠭᠠᠯᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃   ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠰᠠᠯᠠᠭ᠎ᠠ ᠲᠠᠰᠤᠭ ᠤᠨ ᠠᠵᠢᠯᠲᠠᠨ ᠤ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠰᠦᠯᠵᠢᠶᠡᠨ ᠤ ᠠᠵᠢᠯᠯᠠᠭᠴᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠢᠭᠤᠴᠠ ᠳᠤ ᠬᠤᠯᠪᠣᠭᠳᠠᠬᠤ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃                         ᠵᠤᠬᠢᠶᠠᠭᠴᠢ᠄  ᠭᠤᠸ᠎ᠠ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2