ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠵᠢᠴᠢ ᠤᠯᠠᠭᠠᠨᠴᠠᠪ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/9/20
    9 ᠰᠠᠷ᠎ᠠ ᠶᠢᠨ 19 ᠤ ᠡᠳᠦᠷ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠵᠢᠴᠢ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠠᠶ ᠴᠢᠤᠸᠠᠨ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠯᠦ ᠭᠦᠸᠧ ᠸᠧᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠦᠸᠧ ᠸᠧᠨ ᠰᠢᠤ ᠣᠷᠣᠯᠴᠠᠵᠠᠶ᠃     ᠪᠤᠯᠪᠠᠰᠤᠷᠠᠯ ᠳᠤ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠪᠠ ᠤᠳᠤᠷᠢᠳᠤᠯᠭ᠎ᠠ ᠶᠢ ᠲᠤᠰᠬᠠᠶᠢᠯᠠᠨ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠃     ᠯᠢᠦ ᠬᠠᠶ ᠴᠢᠤᠸᠠᠨ ᠡᠭᠡᠯᠵᠢᠯᠡᠨ ᠪᠣᠯᠪᠠᠰᠤᠷᠠᠭᠤᠯᠬᠤ ᠠᠩᠭᠢ ᠳᠡᠭᠡᠷ᠎ᠡ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠨᠢᠭᠡᠳᠬᠡᠵᠦ᠂ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠷᠣᠭᠰᠠᠨ ᠢᠶᠠᠨ ᠬᠡᠷᠡᠭᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠯᠴᠠᠯᠭ᠎ᠠ ᠪᠠᠷ ᠰᠡᠳᠬᠢᠬᠦ ᠶᠢ ᠬᠦᠳᠦᠯᠦᠨ ᠳᠠᠭᠠᠭᠤᠯᠵᠤ᠂ ᠰᠡᠳᠬᠢᠬᠦ ᠪᠠᠷ ᠰᠤᠷᠤᠯᠴᠠᠯᠭ᠎ᠠ ᠶᠢ ᠠᠬᠢᠭᠤᠯᠵᠤ᠂ ᠬᠠᠶᠢᠨ ᠰᠦᠪᠡᠭᠴᠢᠯᠡᠬᠦ ᠪᠠ ᠳ᠋ᠦᠩᠨᠡᠬᠦ ᠳᠤᠮᠳᠠ ᠠᠴᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠵᠢᠮ᠎ᠡ ᠶᠣᠰᠣ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠦᠷ᠎ᠡ ᠪᠦᠲᠦᠭᠡᠯ ᠤᠨ ᠬᠡᠷᠡᠭᠯᠡᠯᠲᠡ ᠶᠢ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠲᠥᠯᠥᠪᠵᠢᠭᠦᠯᠵᠦ᠂ ᠪᠣᠳᠣᠯᠬᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠠᠮᠵᠢᠯᠲᠠ ᠪᠦᠲᠦᠮᠵᠢ ᠪᠠᠷ ᠣᠳᠣᠬᠢᠴᠢᠯᠠᠭᠰᠠᠨ ᠤᠯᠠᠭᠠᠨᠴᠠᠪ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2