| | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠵᠢᠨᠢᠩ | ᠲᠣᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ | ᠰᠠᠶᠢᠵᠢᠷᠠᠭᠤᠯᠬᠤ ᠶᠢᠨ ᠲᠥᠯᠥᠭᠡ᠂ ᠵᠢᠨᠢᠩ ᠲᠣᠭᠤᠷᠢᠭ ᠨᠢ ︽ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ | ᠴᠡᠪᠡᠷ ᠳᠤᠯᠠᠭᠠᠯᠠᠭ᠎ᠠ ᠶᠢᠨ ᠭᠤᠷᠪᠠᠨ ᠵᠢᠯ ᠤᠨ ᠬᠡᠷᠡᠭᠵᠢᠭᠦᠯᠬᠦ ᠲᠥᠰᠦᠯ ︵2022 — 2024 ᠣᠨ︶︾ ︵ | ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2022︺ 44 ᠳ᠋ᠦ᠋ᠭᠡᠷ ᠲᠣᠭᠠᠲᠤ︶᠂ ︽ᠮᠠᠨ ᠤ ᠬᠤᠲᠠ ᠶᠢᠨ | ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠢᠨᠢᠩ ᠲᠣᠭᠤᠷᠢᠭ ᠤᠨ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠢᠨᠵᠧᠨᠧᠷᠢᠩ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠪᠠ᠃ ᠴᠡᠪᠡᠷ ᠡᠨᠧᠷᠭᠢ ᠶᠢᠨ | ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠤᠰᠬᠠᠶ ᠬᠥᠮᠦᠨ ᠢ ᠵᠣᠬᠢᠶᠠᠨ | ᠪᠠᠶᠢᠭᠤᠯᠤᠨ ᠲᠤᠰᠬᠠᠶ ᠲᠣᠭᠤᠷᠢᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤ ᠵᠡᠭᠡᠯᠢ | ᠭᠤᠳᠤᠮᠵᠢ ᠲᠠᠢ ᠵᠣᠯᠭᠠᠯᠳᠤᠭᠤᠯᠤᠨ ᠲᠥᠬᠦᠭᠡᠷᠦᠮᠵᠢ ᠶᠢᠨ ᠡᠬᠢ ᠪᠠᠶᠠᠯᠢᠭ ᠢ ᠳᠣᠭᠢᠷᠠᠭᠤᠯᠬᠤ ᠶᠢᠨ ᠬᠠᠮᠲᠤ | ᠦᠢᠯᠡᠴᠢᠯᠡᠭᠡᠨ ᠤ ᠲᠤᠰᠬᠠᠶ ᠱᠤᠭᠤᠮ ᠭᠠᠷᠭᠠᠵᠤ᠂ ᠨᠡᠶᠢᠭᠡᠮ ᠳᠤ ᠬᠠᠨᠳᠤᠭᠤᠯᠤᠨ ᠠᠯᠪᠠᠨ ᠵᠠᠷ ᠨᠡᠶᠢᠲᠡᠯᠡᠵᠦ᠂ ᠲᠤᠰᠬᠠᠶ | ᠬᠥᠮᠦᠨ ᠢᠶᠠᠷ ᠰᠠᠭᠤᠭᠠᠯᠢ ᠠᠷᠠᠳ ᠤᠨ ᠠᠰᠠᠭᠤᠳᠠᠯ ᠤᠨ ᠲᠤᠬᠠᠶ ᠯᠠᠪᠯᠠᠯᠭ᠎ᠠ ᠶᠢ ᠲᠠᠶᠢᠯᠪᠤᠷᠢᠯᠠᠭᠤᠯᠵᠤ᠂ ᠣᠯᠠᠨ | ᠵᠠᠭᠤᠴᠢᠯᠠᠭᠤᠷ ᠤᠨ ᠠᠷᠭ᠎ᠠ ᠵᠠᠮ ᠢ ᠠᠰᠢᠭᠯᠠᠨ᠂ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠬᠡᠪᠴᠢᠶ᠎ᠡ ᠶᠢ | ᠥᠷᠭᠡᠳᠬᠡᠪᠡ᠃ ᠵᠢᠨᠢᠩ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠲᠥᠷᠥᠯ ᠵᠦᠢᠯ 11939 ᠡᠷᠦᠬᠡ ᠰᠠᠭᠤᠭᠠᠯᠢ ᠠᠷᠠᠳ ᠲᠤ ᠥᠭᠡᠷᠡᠴᠢᠯᠡᠯᠲᠡ | ᠬᠢᠬᠦ ᠪᠠᠷ ᠲᠥᠯᠥᠪᠯᠡᠵᠦ᠂ 9 ᠰᠠᠷ᠎ᠠ ᠶᠢᠨ 20 ᠤ ᠡᠳᠦᠷ ᠪᠣᠯᠲᠠᠯ᠎ᠠ᠂ ᠲᠥᠬᠦᠭᠡᠷᠦᠮᠵᠢ ᠶᠢᠨ ᠥᠭᠡᠷᠡᠴᠢᠯᠡᠯᠲᠡ ᠶᠢ | ᠨᠢᠭᠡᠨᠲᠡ ᠪᠦᠬᠦᠨ ᠢ ᠪᠡᠶᠡᠯᠡᠭᠦᠯᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |