ᠪᠣᠬᠢᠷᠲᠤᠯ ᠥᠬᠡᠢ ᠪᠤᠳᠤᠬᠤ ᠬᠦᠴᠦᠨ ᠨᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠯᠬᠢᠨ ᠠᠬᠢᠭᠤᠯᠤᠨ᠎ᠡ
ᠨᠡᠶᠢᠲᠡᠯᠡᠭᠰᠡᠨ ᠴᠠᠭ᠄
2024/9/23
            ᠴᠠᠭ᠄ 2024 - 09-1109᠄ 00     ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠤᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ     ᠳᠤᠪᠴᠢ ᠠᠭᠤᠯᠭ᠎ᠠ     ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢ ᠲᠠᠰᠤᠷᠠᠯᠲᠠ ᠥᠬᠡᠶ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠪᠥᠬᠦ ᠠᠷᠠᠳ ᠲᠦᠮᠡᠨ ᠲᠣᠭᠠᠴᠢᠯᠠᠭᠰᠠᠨ ᠴᠠᠭ ᠦᠶ᠎ᠡ ᠶᠢᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠭᠥᠷᠳᠡᠬᠦ ᠶᠢ ᠠᠬᠢᠭᠤᠯᠵᠤ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ︽ᠠᠷᠠᠳ ᠤᠨ ᠠᠮᠢᠳᠤᠷᠠᠯ ᠤᠨ ᠭᠠᠷᠠᠭ ᠤᠨ ᠰᠡᠳᠬᠦᠯ︾ ᠰᠡᠳᠬᠦᠯ ᠤᠨ ᠬᠤᠷᠢᠶ᠎ᠠ ᠣᠨᠴᠠᠭᠠᠶᠢᠯᠠᠨ ᠲᠣᠮᠣ ᠬᠡᠯᠪᠡᠷᠢ ᠶᠢᠨ ᠳᠡᠭᠡᠳᠦ ᠲᠠᠰ ᠤᠨ ᠰᠤᠷᠪᠤᠯᠵᠢᠯᠠᠨ ᠶᠠᠷᠢᠯᠴᠠᠬᠤ ᠫᠷᠤᠭ᠍ᠷᠠᠮ ︽ᠠᠷᠠᠳ ᠤᠨ ᠳ᠋ᠠᠶᠢᠲ᠋ᠠ ᠣᠶᠤᠨᠴᠢ︾ ᠶᠢ ᠭᠠᠷᠭᠠᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠲᠣᠪᠤᠶᠢᠮ᠎ᠠ ᠭᠠᠵᠠᠷ ᠣᠷᠣᠨ ᠤ ᠭᠤᠤᠯ ᠤᠳᠤᠷᠢᠳᠤᠯᠭ᠎ᠠ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ︽ᠠᠷᠠᠳ ᠤᠨ ᠳ᠋ᠠᠶᠢᠲ᠋ᠠ ᠣᠶᠤᠨᠴᠢ︾ ᠳᠤ ᠢᠷᠡᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠦᠢᠯᠡᠳᠦᠯᠭᠡ ᠶᠢᠨ ᠲᠤᠷᠰᠢᠯᠭ᠎ᠠ ᠶᠢ ᠬᠤᠪᠢᠶᠠᠯᠴᠠᠨ᠂ ᠪᠥᠬᠦ ᠤᠯᠤᠰ ᠤᠨ ᠡᠯ᠎ᠡ ᠭᠠᠵᠠᠷ ᠤᠨ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠠᠭᠤᠯᠪᠤᠷᠢᠯᠠᠨ ᠥᠭᠴᠦ ᠪᠣᠯᠬᠤ᠂ ᠲᠣᠯᠢ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠬᠠᠩᠭᠠᠵᠤ᠂ ᠲᠣᠭᠠᠴᠢᠯᠠᠭᠰᠠᠨ ᠠᠵᠤ ᠠᠬᠤᠶ ᠶᠢᠨ ᠴᠡᠴᠡᠭᠯᠡᠨ ᠬᠥᠭᠵᠢᠬᠦ ᠳᠤ ᠬᠦᠴᠦᠨ ᠴᠢᠳᠠᠯ ᠣᠯᠭᠤᠨ᠎ᠠ᠃    ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ    ᠤᠯᠠᠭᠠᠨᠴᠠᠪ ᠬᠤᠲᠠ ᠳᠤᠮᠳᠠᠳᠤ ᠤᠯᠤᠰ ᠤᠨ ᠠᠰ ᠤᠮᠠᠷᠠᠲᠤ ᠣᠷᠣᠨ ᠳᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠮᠠᠨ ᠤ ᠤᠯᠤᠰ ᠤᠨ ᠮᠣᠩᠭᠤᠯ᠂ ᠣᠷᠣᠰ ᠪᠣᠯᠤᠨ ᠵᠡᠭᠦᠨ ᠧᠦ᠋ᠷᠣᠫᠠ ᠶᠢᠨ ᠤᠯᠤᠰ ᠲᠤ ᠨᠡᠪᠲᠡᠷᠡᠬᠦ ᠴᠢᠬᠤᠯᠠ ᠵᠠᠮ ᠪᠣᠯᠬᠤ ᠪᠥᠭᠡᠳ ᠪᠠᠰᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠲᠣᠮᠣ ᠳ᠋ᠠᠶᠢᠲ᠋ᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠠᠯᠢ ᠣᠯᠠᠨ ᠠᠮᠵᠢᠯᠲᠠ ᠣᠯᠵᠤ᠂ ᠠᠮᠵᠢᠯᠳᠡ ᠲᠠᠢ ᠪᠠᠷ ᠤᠯᠤᠰ ᠤᠨ ︽ᠵᠡᠭᠦᠨ ᠤ ᠳ᠋ᠠᠶᠢᠲ᠋ᠠ ᠶᠢ ᠪᠠᠷᠠᠭᠤᠨᠰᠢ ᠪᠤᠳᠤᠬᠤ︾ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠤ ᠪᠤᠳᠤᠬᠤ ᠬᠦᠴᠦᠨ ᠤ ᠵᠠᠩᠭᠢᠯᠠᠭ᠎ᠠ ᠶᠢᠨ ᠴᠡᠭ ᠤᠨ ᠪᠡᠶ᠎ᠡ ᠳᠤ ᠤᠷᠤᠪᠡ᠃    ᠸᠠᠩ ᠪᠢᠨ᠄ ᠴᠠᠬᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠤᠯᠠᠭᠠᠨᠴᠠᠪ ᠬᠤᠲᠠ ᠶᠢᠨ ᠲᠥᠪ ᠬᠤᠲᠠ ᠲᠣᠭᠤᠷᠢᠭ ᠲᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠮᠥᠨ᠂ ᠤᠯᠠᠭᠠᠨᠴᠠᠪ ᠬᠤᠲᠠ ᠶᠢᠨ 90% ᠶᠢᠨ ᠪᠤᠳᠤᠬᠤ ᠬᠦᠴᠦᠨ ᠤ ᠲᠥᠪ ᠤᠨ ᠲᠥᠷᠥᠯ ᠵᠦᠢᠯ ᠮᠥᠨ᠂ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠢ ᠠᠴᠢᠶᠠᠯᠠᠵᠤ ᠪᠠᠶᠢᠭ᠎ᠠ ᠭᠤᠤᠯ ᠵᠢᠭᠰᠠᠭᠠᠯ ᠤᠨ ᠭᠠᠵᠠᠷ ᠮᠥᠨ᠂ ᠪᠣᠬᠢᠷᠲᠤᠯ ᠥᠬᠡᠶ ᠡᠨᠧᠷᠭᠢ᠂ ᠶᠡᠷᠦᠩᠬᠡᠶᠢᠯᠡᠭᠰᠡᠨ ᠥᠪᠡᠷ ᠤᠨ ᠥᠷᠲᠡᠭ᠂ ᠵᠠᠮ ᠬᠠᠷᠢᠯᠴᠠᠭᠠᠨ ᠤ ᠣᠷᠣᠨ ᠪᠠᠶᠢᠷᠢ᠂ ᠰᠦᠯᠵᠢᠶ᠎ᠡ ᠪᠠᠷ ᠳᠠᠮᠵᠢᠭᠤᠯᠬᠤ᠂ ᠠᠭᠤᠷ ᠠᠮᠢᠰᠬᠤᠯ᠂ ᠰᠠᠭᠤᠷᠢ  ᠶᠢᠨ ᠠᠮᠤᠷ ᠲᠦᠪᠰᠢᠨ᠂ ᠠᠵᠤ ᠦᠢᠯᠡᠰ ᠤᠨ ᠲᠥᠪᠯᠡᠷᠡᠯ᠂ ᠲᠥᠷᠥ ᠶᠢᠨ ᠪᠣᠳᠣᠯᠭ᠎ᠠ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠠᠷᠪᠠᠨ ᠶᠡᠭᠡ ᠳᠠᠪᠠᠭᠤᠯᠢᠭ ᠢ ᠪᠦᠷᠢᠯᠳᠦᠭᠦᠯᠵᠡᠶ᠃    ᠸᠠᠩ ᠪᠢᠨ᠄ ᠠᠷᠪᠠ ᠭᠠᠷᠤᠶ ᠵᠢᠯ ᠤᠨ ᠬᠥᠭᠵᠢᠯᠲᠡ ᠪᠠᠷ ᠳᠠᠮᠵᠢᠨ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠬᠤᠸᠠ ᠸᠧᠶ᠂ ᠠ ᠯᠢ ᠪᠠ ᠪᠠ᠂ ᠱᠢ ᠵᠢᠢ ᠬᠤ᠋ ᠯᠢᠶᠠᠨ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠤᠶᠠᠷ ᠶᠡᠭᠡ ᠲᠥᠪᠯᠡᠷᠡᠨ ᠵᠠᠯᠭᠠᠯᠳᠤᠭᠰᠠᠨ ᠪᠤᠳᠤᠬᠤ ᠬᠦᠴᠦᠨ ᠤ ᠠᠵᠤ ᠦᠢᠯᠡᠰ ᠤᠨ ᠬᠦᠷᠢᠶᠡᠯᠡᠩ ᠢ ᠪᠣᠶ ᠪᠣᠯᠭᠠᠵᠤ᠂ ᠬᠡᠲᠦ ᠶᠡᠭᠡ ᠬᠡᠪᠴᠢᠶᠡᠨ ᠤ ᠵᠠᠭᠪᠤᠷ ᠤᠨ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠪᠠ ᠥᠨᠳᠥᠷ ᠬᠦᠴᠦᠯᠡᠴᠡᠲᠦ ᠵᠦᠢᠴᠢᠯᠡᠬᠦ ᠠᠵᠢᠯ ᠢ ᠵᠠᠯᠭᠠᠨ ᠠᠪᠴᠤ ᠪᠣᠯᠤᠨ᠎ᠠ᠃ ᠴᠠᠬᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠣᠳᠣᠬᠤ ᠬᠦᠴᠦᠨ ᠤ ᠠᠵᠤ ᠦᠢᠯᠡᠰ ᠤᠨ ᠣᠨᠴᠠᠯᠢᠭ ᠮᠠᠰᠢ ᠢᠯᠡᠷᠬᠡᠶ᠄ ᠨᠢᠭᠡ ᠳᠤ ᠪᠤᠬᠢᠷᠳᠤᠯ ᠦᠬᠡᠢ ᠶᠢᠨ ᠴᠢᠨᠠᠷ ᠴᠢᠨᠰᠠᠭ᠎ᠠ ᠰᠠᠶᠢᠨ᠂ ᠪᠤᠳᠤᠬᠤ ᠬᠦᠴᠦᠨ ᠤ ᠲᠥᠪ ᠤᠨ ᠪᠣᠬᠢᠷᠲᠤᠯ ᠥᠬᠡᠶ ᠴᠠᠬᠢᠯᠭᠠᠨ ᠤ ᠡᠵᠡᠯᠡᠬᠦ ᠬᠠᠷᠢᠴᠠᠯ ᠨᠢ 80% ᠳᠤ ᠬᠦᠷᠴᠦ᠂ ᠢᠷᠡᠭᠡᠳᠦᠶ ᠶᠢᠨ ᠬᠡᠷᠡᠭᠯᠡᠬᠦ ᠬᠠᠷᠢᠴᠠᠯ ᠨᠢ 100% ᠳᠤ ᠬᠦᠷᠴᠦ᠂ ᠡᠷᠦᠬᠡ ᠳᠤ ᠬᠦᠷᠬᠦ ᠴᠠᠬᠢᠯᠭᠠᠨ ᠤ ᠦᠨ᠎ᠡ 0.32 ~ 0.35 ᠲᠥᠭᠦᠷᠢᠭ ᠪᠠᠶᠢᠵᠤ᠂ ᠪᠤᠳᠤᠬᠤ ᠬᠦᠴᠦᠨ ᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠥᠬᠡᠶ ᠬᠥᠭᠵᠢᠯᠲᠡ ᠶᠢᠨ ᠲᠡᠷᠢᠭᠦᠨ ᠰᠣᠩᠭᠤᠯᠲᠠ ᠶᠢᠨ ᠭᠠᠵᠠᠷ ᠪᠣᠯᠤᠨ᠎ᠠ᠃ ᠬᠤᠶᠠᠷ ᠲᠤ ᠦᠢᠯᠡᠴᠢᠯᠡᠭᠡᠨ ᠤ ᠬᠡᠪᠴᠢᠶ᠎ᠡ ᠥᠷᠭᠡᠨ᠂ ᠬᠤᠸᠠ ᠸᠧᠶ ᠶᠢᠨ ᠤᠶᠤᠨᠲᠤ ᠵᠢᠯᠣᠭᠤᠳᠬᠤ ᠵᠠᠭᠪᠤᠷ᠂  ᠫᠠᠨ ᠭᠦ᠋ ᠶᠡᠭᠡ ᠵᠠᠭᠪᠤᠷ᠂ ᠠ ᠯᠢ ᠶᠦᠨ ᠤ ︽ᠹᠦ᠋ ᠶᠤᠤ︾ ᠵᠡᠷᠭᠡ ᠬᠤᠷᠢ ᠭᠠᠷᠤᠶ AI ᠵᠠᠭᠪᠤᠷ ᠪᠠ ᠪᠤᠳᠤᠬᠤ ᠬᠦᠴᠦᠨ ᠤ ᠬᠡᠷᠡᠭᠯᠡᠭᠡᠨ ᠤ ᠪᠠᠶᠢᠷᠢᠰᠢᠭᠤᠯᠤᠯᠲᠠ ᠠᠳᠡ ᠠᠴᠠ ᠪᠠᠶᠢᠷᠢᠰᠢᠭᠤᠯᠤᠯᠲᠠ ᠬᠢᠪᠡ᠃ ᠭᠤᠷᠪᠠ ᠳᠤ᠂ ᠮᠡᠷᠭᠡᠵᠢᠯ ᠨᠢ ᠲᠡᠷᠢᠭᠦᠨ ᠤ᠂ ᠪᠤᠳᠤᠬᠤ ᠬᠦᠴᠦᠨ ᠤ ᠲᠥᠪ ᠤᠨ ᠲᠥᠷᠥᠯ ᠵᠦᠢᠯ ᠨᠢ ᠠᠵᠢᠯ ᠲᠥᠷᠥᠯ ᠤᠨ ᠳᠣᠲᠣᠷᠠᠬᠢ ᠲᠡᠷᠢᠭᠦᠨ ᠤ ᠮᠠᠰᠢᠨ ᠤ ᠬᠤᠷᠭᠤ᠂ ᠦᠢᠯᠡᠴᠢᠯᠡᠭᠡ ᠶᠢᠨ ᠮᠠᠰᠢᠨ᠂ ᠲᠠᠩ ᠮᠠᠰᠢᠨ ᠤ ᠴᠢᠳᠠᠮᠵᠢ ᠨᠢ ᠨᠠᠩ ᠶᠡᠭᠡ᠂ ᠪᠣᠳᠣᠯᠭ᠎ᠠ ᠶᠢᠨ ᠦᠷ᠎ᠡ ᠪᠦᠲᠦᠮᠵᠢ ᠨᠢ ᠨᠠᠩ ᠥᠨᠳᠥᠷ᠂ ᠳᠠᠮᠵᠢᠭᠤᠯᠬᠤ ᠱᠤᠭᠤᠮ ᠤᠨ ᠨᠣᠷᠮ᠎ᠠ ᠨᠢ ᠨᠠᠩ ᠲᠦᠷᠭᠡᠨ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠨ᠎ᠡ᠃ ᠳᠥᠷᠪᠡ ᠳᠤ᠂ ᠪᠡᠭᠡᠵᠢᠩ ᠲᠠᠢ ᠭᠦᠨᠵᠡᠭᠡᠢ ᠠᠭᠤᠰᠤᠯᠴᠠᠵᠤ᠂ ᠪᠡᠭᠡᠵᠢᠩ ᠢᠶᠠᠷ ᠡᠮᠦᠨ᠎ᠡ ᠳᠡᠯᠭᠡᠭᠦᠷ ᠪᠣᠯᠭᠠᠵᠤ᠂ ᠤᠯᠠᠭᠠᠨᠴᠠᠪ ᠢᠶᠠᠷ ᠠᠷᠤ ᠦᠢᠯᠡᠳᠪᠦᠷᠢ ᠪᠤᠯᠭᠠᠭᠰᠠᠨ ᠪᠡᠭᠡᠵᠢᠩ ᠢ ᠲᠣᠭᠤᠷᠢᠭᠰᠠᠨ ᠭᠠᠵᠠᠷ ᠣᠷᠣᠨ ᠢ ᠨᠢᠭᠡ ᠴᠣᠭᠴᠠᠵᠢᠭᠤᠯᠬᠤ AI ᠪᠤᠳᠤᠬᠤ ᠬᠦᠴᠦᠨ ᠤ ᠬᠠᠩᠭᠠᠯᠭ᠎ᠠ ᠶᠢᠨ ᠪᠠᠶᠢᠷᠢᠰᠢᠯ ᠨᠢᠭᠡᠨᠲᠡ ᠠᠩᠬ᠎ᠠ ᠠᠯᠬᠤᠮ ᠪᠦᠷᠢᠯᠳᠦᠪᠡ᠃    ᠸᠠᠩ ᠪᠢᠨ᠄ ᠲᠣᠭᠠᠴᠢᠯᠠᠭᠰᠠᠨ ᠠᠵᠤ ᠠᠬᠤᠶ ᠶᠢ ᠠᠰᠢᠭᠯᠠᠨ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠤᠰᠢᠭᠤᠴᠢ ᠪᠣᠯᠤᠭᠰᠠᠨ ᠤ ᠬᠤᠪᠢ ᠳᠤ᠂ ᠪᠣᠬᠢᠷᠲᠤᠯ ᠥᠬᠡᠶ ᠪᠣᠳᠣᠬᠤ ᠬᠦᠴᠦᠨ ᠢ ᠪᠡᠭᠡᠵᠢᠩ ᠳᠤ ᠤᠷᠤᠭᠤᠯᠬᠤ ᠶᠡᠭᠡ ᠳᠤᠭ ᠢ ᠦᠨᠳᠦᠷ ᠡᠯᠬᠦᠵᠤ᠂ ᠪᠣᠬᠢᠷᠲᠤᠯ ᠥᠬᠡᠶ ᠪᠤᠳᠤᠬᠤ ᠬᠦᠴᠦᠨ ᠤ ᠬᠠᠩᠭᠠᠯᠭ᠎ᠠ ᠶᠢᠨ ᠳᠦᠷᠢ ᠶᠢ ᠰᠠᠶᠢᠲᠤᠷ ᠲᠣᠭᠯᠠᠵᠤ᠂ ᠪᠤᠳᠤᠬᠤ ᠬᠦᠴᠦᠨ ᠤ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ︽ᠡᠮᠦᠨ᠎ᠡ ᠳᠡᠯᠭᠡᠭᠦᠷ ᠠᠷᠤ ᠦᠢᠯᠡᠳᠪᠦᠷᠢ︾ ᠶᠢᠨ ᠳᠠᠪᠠᠭᠤᠯᠢᠭ ᠢ ᠪᠠᠳᠠᠷᠠᠭᠤᠯᠵᠤ᠂ ᠪᠣᠬᠢᠷᠲᠤᠯ ᠥᠬᠡᠶ ᠪᠤᠳᠤᠬᠤ ᠬᠦᠴᠦᠨ ᠤ ᠠᠵᠤ ᠦᠢᠯᠡᠰ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ︔ ᠡᠭᠦᠨ ᠤ ᠬᠠᠮᠲᠤ᠂ ︽AI + ︾ ᠠᠵᠤ ᠦᠢᠯᠡᠰ ᠤᠨ ᠬᠡᠯᠬᠢᠶ᠎ᠡ ᠶᠢ ᠪᠥᠬᠦ ᠲᠠᠯ᠎ᠠ ᠪᠠᠷ ᠤᠷᠲᠤᠳᠬᠠᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠤᠮᠠᠷᠠᠲᠤ ᠶᠢᠨ ᠴᠢᠬᠤᠯᠠ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠠᠭᠤᠷᠢᠨ ᠭᠠᠵᠠᠷ ᠢ ᠪᠠᠶᠢᠭᠤᠯᠤᠨ᠎ᠠ᠃    ᠸᠠᠩ ᠪᠢᠨ᠄ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠲᠦᠰᠢᠭᠯᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠬᠤᠲᠠ ᠲᠣᠭᠤᠷᠢᠭ ᠬᠤᠶᠠᠷ ᠱᠠᠲᠤ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠤᠮᠵᠢ ᠠᠴᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠲᠤᠯᠠᠭ᠎ᠠ ᠬᠦᠷᠲᠡᠯ᠎ᠡ᠂ ᠨᠢᠭᠡ ᠢᠵᠢ ᠦᠢᠯᠡᠴᠢᠯᠡᠭᠡᠨ ᠤ ᠪᠠᠲᠤᠯᠠᠭ᠎ᠠ ᠶᠢᠨ ᠲᠥᠰᠦᠯ ᠢ ᠪᠦᠷᠢᠯᠳᠦᠭᠦᠯᠪᠡ᠃ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠲᠠᠯ᠎ᠠ ᠪᠠᠷ᠂ ᠬᠤᠲᠠ ᠶᠢᠨ ᠵᠠᠰᠠᠭ ᠤᠨ ᠣᠷᠳᠣᠨ ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠤᠨ ᠥᠪᠥᠷ ᠮᠣᠩᠭᠤᠯ ᠤᠨ ᠬᠦᠢᠰᠦ ᠶᠢᠨ ᠵᠢᠨᠢᠩ ᠤᠨ ᠬᠡᠰᠡᠭ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ︵2021 - 2025︶︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠳ᠋ᠠᠶᠢᠲ᠋ᠠ ᠶᠢᠨ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠵᠢᠯᠣᠭᠤᠳᠪᠠ᠃ ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠭᠦᠢᠴᠡᠳ ᠪᠠᠶᠢᠵᠤ᠂ ᠪᠤᠳᠤᠬᠤ ᠬᠦᠴᠦᠨ ᠤ ᠠᠵᠤ ᠦᠢᠯᠡᠰ ᠢ ᠤᠷᠢᠳᠠᠪᠠᠷ ᠪᠠᠲᠤᠯᠠᠪᠠ᠃ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ ᠲᠦᠷᠢᠮ ᠢ ᠨᠡᠶᠢᠲᠡᠯᠡᠵᠦ᠂ ᠠᠵᠤ ᠠᠬᠤᠶᠢᠯᠠᠯ ᠨᠢᠭᠡᠪᠦᠷᠢ ᠳᠤ ᠬᠤᠲᠠ ᠶᠢᠨ ᠲᠠᠰ ᠤᠨ ᠤᠳᠤᠷᠢᠳᠤᠯᠭ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠳᠤᠷᠢᠳᠤᠯᠭ᠎ᠠ ᠠᠴᠠ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠤ ᠬᠥᠷᠬᠦ ᠭᠤᠷᠪᠠᠨ ᠱᠠᠲᠤᠨ ᠤ ᠬᠠᠮᠢᠶᠠᠷᠤᠭᠴᠢ ᠶᠢᠨ ᠲᠤᠰᠬᠠᠶ ᠠᠩᠭᠢ ᠶᠢ ᠨᠢᠭᠡ ᠢᠵᠢ ᠲᠣᠭᠲᠠᠭᠠᠵᠤ ᠥᠭᠬᠦ ᠶᠢᠨ ᠬᠠᠮᠲᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯ ᠤᠨ ᠥᠷᠲᠡᠭᠡ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃    ᠸᠠᠩ ᠪᠢᠩ᠄ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠦᠬᠦ ᠬᠤᠲᠠ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠲᠠᠯ᠎ᠠ ᠪᠠᠷ ᠶᠠᠭ ᠦᠷᠭᠦᠯᠵᠢᠯᠡᠨ ᠥᠭᠡᠳᠡ ᠭᠠᠷᠴᠤ ᠪᠠᠶᠢᠨ᠎ᠠ᠃ ᠠᠵᠤ ᠦᠢᠯᠡᠳᠪᠦᠷᠢᠵᠢᠯᠲᠡ ᠶᠢᠨ ᠲᠠᠯ᠎ᠠ ᠪᠠᠷ᠂ ᠤᠶᠤᠨᠲᠤ ᠦᠢᠯᠡᠳᠪᠦᠷᠢ᠂ ᠮᠠᠰᠢᠨ ᠢᠶᠠᠷ ᠬᠥᠮᠦᠨ ᠢ ᠰᠣᠯᠢᠬᠤ ᠵᠡᠷᠭᠡ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠦᠬᠦ ᠬᠤᠳᠠ ᠳᠤ ︽ᠮᠠᠰᠢᠨ ᠢᠶᠠᠷ ᠬᠥᠮᠦᠨ ᠢ ᠰᠣᠯᠢᠬᠤ︾ ᠵᠢᠴᠢ ᠤᠶᠤᠨᠴᠢᠯᠠᠨ ᠦᠢᠯᠡᠳᠬᠦ ᠵᠢᠱᠢᠶ᠎ᠡ ᠦᠵᠡᠭᠦᠯᠬᠦ ᠲᠤᠷᠰᠢᠯᠲᠠ ᠶᠢᠨ ᠲᠦᠷᠦᠯ ᠵᠦᠢᠯ ᠢ ᠨᠡᠶᠢᠳᠡ 23 ᠵᠦᠢᠯ ᠬᠡᠷᠡᠭᠵᠢᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ᠂ ᠣᠶᠤᠨᠴᠢ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠰᠠᠭᠤᠷᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠯᠠᠩ ᠤᠨ ᠰᠠᠭᠤᠷᠢᠨ ᠭᠠᠵᠠᠷ᠂ ᠤᠯᠤᠰ ᠤᠨ ᠲᠣᠭᠠᠴᠢᠯᠠᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠲᠣᠭᠠᠴᠢᠯᠠᠭᠰᠠᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠤᠶᠤᠨᠲᠤ ᠬᠤᠳᠠ᠂ ᠤᠶᠤᠨᠲᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠨᠢ 2024 ᠲᠣᠭᠠᠴᠢᠯᠠᠭᠰᠠᠨ ᠵᠠᠰᠠᠭ ᠤᠨ ᠣᠷᠳᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠤᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠪᠠᠷ ᠰᠣᠩᠭᠤᠭᠳᠠᠭᠰᠠᠨ ᠪᠥᠭᠡᠳ 2024 ᠣᠨ ᠤ ᠤᠶᠤᠨᠲᠤ ᠬᠤᠳᠠ ᠶᠢᠨ ᠬᠤᠰᠢᠭᠤᠴᠢ ᠰᠢᠯᠢᠳᠡᠭ ᠵᠥᠭᠡᠯᠡᠨ ᠲᠣᠨᠤᠭ ᠤᠨ ᠱᠠᠩᠨᠠᠯ ᠢ ᠬᠦᠷᠲᠡᠪᠡ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2