ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ᠭᠠᠶᠢᠯᠢ ᠶᠢᠨ ᠪᠤᠰᠤ ᠣᠷᠣᠯᠭ᠎ᠠ ᠪᠣᠯ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠴᠢᠬᠤᠯᠠ | ᠪᠦᠷᠢᠯᠳᠦᠬᠦᠨ ᠬᠡᠰᠡᠭ ᠮᠥᠨ᠃ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠣᠯ | ᠶᠡᠷᠦᠩᠬᠡᠶᠢᠯᠡᠭᠰᠡᠨ ᠲᠥᠰᠦᠪ ᠤᠨ ᠬᠠᠮᠢᠶᠠᠷᠤᠯᠲᠠ ᠶᠢ ᠪᠡᠶᠡᠯᠡᠭᠦᠯᠬᠦ ᠪᠤᠰᠤᠳᠴᠢ ᠱᠠᠭᠠᠷᠳᠠᠯᠭ᠎ᠠ ᠪᠣᠯᠬᠤ ᠪᠥᠭᠡᠳ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ ᠰᠢᠵᠢᠮ ᠢ | ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ︵ᠳᠣᠷᠣᠭᠰᠢ ︽ᠭᠠᠶᠢᠯᠢ ᠶᠢᠨ | ᠪᠤᠰᠤ ᠣᠷᠣᠯᠭ᠎ᠠ︾ ᠭᠡᠵᠦ ᠲᠣᠪᠴᠢᠯᠠᠨ᠎ᠠ︶ ᠶᠢᠨ ᠲᠠᠲᠠᠪᠤᠷᠢᠯᠠᠬᠤ ᠬᠡᠪᠴᠢᠶ᠎ᠡ ᠪᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ | ᠠᠵᠢᠯᠯᠠᠭ᠎ᠠ ᠶᠢ ᠵᠢᠷᠤᠮᠵᠢᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ | ᠪᠦᠷᠢᠨᠰᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ | ︽ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ ᠤ ᠵᠠᠷᠯᠢᠭ 104 ᠳ᠋ᠦ᠋ᠭᠡᠷ ᠲᠣᠭᠠᠲᠤ︶ ︽ᠵᠠᠰᠠᠭ ᠤᠨ | ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ | ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ︹2016︺33 ᠳ᠋ᠤᠭᠠᠷ ᠲᠣᠭᠠᠲᠤ︶ | ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠵᠤ᠂ ᠡᠳᠦᠭᠡ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠳᠣᠤᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠲᠣᠳᠣᠷᠬᠠᠶᠢᠯᠠᠨ᠎ᠠ | ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠲᠥᠷᠥᠯ ᠢᠯᠭᠠᠯ ᠤᠨ ᠶᠣᠰᠣᠭᠠᠷ᠂ ᠭᠠᠶᠢᠯᠢ ᠶᠢᠨ ᠪᠤᠰᠤ | ᠣᠷᠣᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ | ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ | ᠮᠥᠩᠭᠦ ᠶᠢᠨ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ᠂ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ ᠪᠠᠭᠲᠠᠨ᠎ᠠ᠃ | ᠣᠯᠠᠨ ᠨᠡᠶᠢᠲᠡ ᠶᠢᠨ ᠡᠩ ᠤᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ ᠪᠤᠰᠤ | ᠣᠷᠣᠯᠭ᠎ᠠ ᠳᠤ ᠭᠤᠤᠯᠳᠠᠭᠤ ᠲᠤᠰᠬᠠᠶ ᠵᠦᠢᠯ ᠤᠨ ᠣᠷᠣᠯᠭ᠎ᠠ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ᠂ ᠲᠣᠷᠭᠠᠵᠤ ᠬᠤᠷᠢᠶᠠᠭᠰᠠᠨ ᠣᠷᠣᠯᠭ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠣᠷᠣᠯᠭ᠎ᠠ᠂ ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠥᠷᠥᠩᠭᠡ︶ ᠢ | ᠲᠥᠯᠥᠪᠦᠷᠢ ᠲᠠᠢ ᠪᠠᠷ ᠬᠡᠷᠡᠭᠯᠡᠭᠰᠡᠨ ᠣᠷᠣᠯᠭ᠎ᠠ᠂ ᠲᠤᠰᠠᠯᠠᠨ ᠬᠦᠷᠭᠡᠭᠰᠡᠨ ᠣᠷᠣᠯᠭ᠎ᠠ᠂ ᠵᠠᠰᠠᠭ ᠤᠨ ᠣᠷᠳᠣᠨ ᠤ | ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ᠂ ᠪᠤᠰᠤᠳ ᠣᠷᠣᠯᠭ᠎ᠠ ᠵᠡᠷᠭᠡ ᠪᠠᠭᠲᠠᠨ᠎ᠠ᠃ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ | ᠪᠤᠰᠤ ᠣᠷᠣᠯᠭ᠎ᠠ ᠳᠤ ᠭᠤᠤᠯᠳᠠᠭᠤ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠠᠰᠢᠭ ᠣᠯᠵᠠᠪᠤᠷᠢ ᠶᠢᠨ ᠰᠠᠭᠤᠷᠢ | ᠮᠥᠩᠭᠦ ᠶᠢᠨ ᠣᠷᠣᠯᠭ᠎ᠠ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠢᠮᠳᠠ ᠪᠠᠷ | ᠬᠤᠳᠠᠯᠳᠤᠭᠰᠠᠨ ᠤ ᠣᠷᠣᠯᠭ᠎ᠠ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ᠂ | ᠲᠠᠷᠢᠶᠠᠯᠠᠩ ᠤᠨ ᠭᠠᠵᠠᠷ ᠰᠢᠷᠣᠶ ᠶᠢ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ ᠣᠷᠣᠯᠭ᠎ᠠ᠂ ᠪᠣᠬᠢᠷ ᠤᠰᠤ | ᠰᠢᠢᠳᠪᠦᠷᠢᠯᠡᠬᠦ ᠵᠠᠷᠤᠳᠠᠯ ᠵᠡᠷᠭᠡ ᠪᠠᠭᠲᠠᠨ᠎ᠠ᠃ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ | ᠪᠤᠰᠤ ᠣᠷᠣᠯᠭ᠎ᠠ ᠳᠤ ᠭᠤᠤᠯᠳᠠᠭᠤ ᠠᠰᠢᠭ ᠣᠯᠵᠠᠪᠤᠷᠢ ᠶᠢᠨ ᠣᠷᠣᠯᠭ᠎ᠠ᠂ ᠬᠤᠪᠢ ᠣᠷᠣᠭᠤᠯᠤᠭᠰᠠᠨ ᠬᠦᠦ | ᠮᠥᠩᠭᠦ ᠶᠢᠨ ᠣᠷᠣᠯᠭ᠎ᠠ᠂ ᠥᠮᠴᠢᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠵᠡᠷᠭᠡ ᠪᠠᠭᠲᠠᠨ᠎ᠠ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢᠨ ᠪᠦᠬᠦ | ᠰᠢᠰᠲ᠋ᠧᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠬᠡᠪᠴᠢᠶ᠎ᠡ᠂ ᠪᠠᠷᠢᠮᠵᠢᠶ᠎ᠠ | ᠶᠣᠰᠣᠭᠠᠷ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢᠨ | ᠬᠡᠪᠴᠢᠶ᠎ᠡ ᠶᠢ ᠣᠨᠣᠪᠴᠢᠲᠠᠶ ᠬᠢᠨᠠᠨ ᠪᠣᠳᠣᠵᠤ ᠲᠣᠭᠲᠠᠭᠠᠬᠤ ᠬᠡᠷᠡᠭᠲᠡᠶ᠃ ᠤᠯᠤᠰ ᠤᠨ ᠥᠮᠴᠢᠯᠡᠯᠲᠦ ᠭᠠᠵᠠᠷ | ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠵᠡᠷᠭᠡ ᠵᠠᠰᠠᠭ ᠤᠨ ᠣᠷᠳᠣᠨ ᠤ ᠴᠢᠨᠠᠷᠲᠠᠶ | ᠰᠠᠭᠤᠷᠢ ᠮᠥᠩᠭᠦ ᠶᠢᠨ ᠣᠷᠣᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠵᠤ ᠪᠣᠯᠬᠤ ᠦᠭᠡᠶ︔ | ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠳᠤ | ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠵᠠᠪᠤᠷᠢ᠂ ᠬᠤᠪᠢ | ᠣᠷᠣᠭᠤᠯᠤᠯᠲᠠ ᠶᠢᠨ ᠬᠦᠦ ᠮᠥᠩᠭᠦ᠂ ᠬᠤᠪᠢ ᠣᠷᠣᠭᠤᠯᠤᠯᠲᠠ ᠶᠢᠨ ᠠᠰᠢᠭ ᠣᠷᠣᠯᠭ᠎ᠠ᠂ ᠥᠮᠴᠢᠯᠡᠬᠦ ᠡᠷᠬᠡ ᠶᠢᠨ | ᠰᠢᠯᠵᠢᠭᠦᠯᠦᠨ ᠥᠭᠭᠦᠭᠰᠡᠨ ᠣᠷᠣᠯᠭ᠎ᠠ ᠵᠡᠷᠭᠡ ᠶᠢ ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠵᠤ ᠪᠣᠯᠬᠤ | ᠦᠭᠡᠶ︔ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠲᠤᠰᠢᠶᠠᠨ ᠬᠠᠮᠢᠶᠠᠷᠴᠤ ᠪᠠᠶᠢᠭ᠎ᠠ ᠰᠤᠷᠭᠠᠨ ᠬᠥᠮᠦᠵᠢᠯ ᠤᠨ | ᠰᠦᠢᠳᠬᠡᠯ ᠬᠤᠷᠢᠶᠠᠬᠤ ᠵᠡᠷᠭᠡ ᠶᠢ ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠵᠤ ᠪᠣᠯᠬᠤ ᠦᠭᠡᠶ︔ | ᠶᠠᠮᠠᠷᠪᠠ ᠠᠷᠭ᠎ᠠ ᠪᠠᠷᠢᠯ ᠢᠶᠠᠷ ᠲᠣᠭᠲᠠᠭᠠᠯ ᠠᠴᠠ ᠵᠥᠷᠢᠴᠡᠨ ᠬᠥᠮᠥᠷᠭᠡ ᠬᠤᠯᠢᠯᠳᠤᠭᠤᠯᠤᠨ ᠬᠠᠳᠠᠭᠠᠯᠠᠬᠤ᠂ ᠬᠥᠮᠥᠷᠭᠡ | ᠬᠤᠯᠪᠣᠬᠤ᠂ ᠬᠥᠮᠥᠷᠭᠡ ᠠᠴᠠ ᠤᠷᠲᠤᠳᠬᠠᠬᠤ᠂ ᠬᠥᠮᠥᠷᠭᠡ ᠳᠤ ᠰᠢᠯᠵᠢᠭᠦᠯᠦᠨ ᠣᠷᠣᠭᠤᠯᠵᠤ ᠪᠣᠯᠬᠤ ᠦᠭᠡᠶ᠃ | ᠬᠤᠶᠠᠷ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ | ᠭᠠᠶᠢᠯᠢ ᠶᠢᠨ ᠪᠤᠰᠤ ᠣᠷᠣᠯᠭ᠎ᠠ ᠬᠢᠭᠡᠳ ᠭᠠᠶᠢᠯᠢ ᠲᠠᠲᠠᠪᠤᠷᠢ ᠶᠢᠨ ᠣᠷᠣᠯᠭ᠎ᠠ ᠨᠢ ᠴᠥᠮ ᠡᠳ᠋ ᠤᠨ ᠵᠠᠰᠠᠭ ᠤᠨ | ᠴᠢᠨᠠᠷᠲᠠᠶ ᠪᠡᠯᠡ ᠮᠥᠩᠭᠦ ᠪᠣᠯᠬᠤᠷ ᠡᠷᠬᠡᠪᠰᠢ ᠪᠦᠬᠦ ᠲᠠᠯ᠎ᠠ ᠪᠠᠷ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠤ᠂ ᠡᠳ᠋ ᠤᠨ ᠵᠠᠰᠠᠭ ᠤᠨ ᠶᠡᠷᠦᠩᠬᠡᠶᠢᠯᠡᠭᠰᠡᠨ ᠲᠥᠰᠦᠪ ᠢ ᠬᠡᠷᠡᠭᠵᠢᠭᠦᠯᠬᠦ ᠬᠡᠷᠡᠭᠲᠡᠶ᠃ ᠡᠯ᠎ᠡ | ᠱᠠᠲᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ | ᠲᠣᠭᠲᠠᠴᠠ ᠪᠠᠨ ᠲᠡᠭᠦᠯᠳᠡᠷᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠤᠯᠢ ᠶᠣᠰᠣᠭᠠᠷ | ᠵᠢᠷᠤᠮᠵᠢᠭᠤᠯᠬᠤ ᠶᠢ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠬᠤ ᠲᠠᠢ ᠠᠳᠠᠯᠢ ᠪᠠᠶᠢᠷᠢᠨ ᠳᠤ | ᠲᠠᠯᠪᠢᠬᠤ ᠬᠡᠷᠡᠭᠲᠡᠶ︔ ᠡᠯ᠎ᠡ ᠨᠢᠭᠡᠴᠢ ᠨᠦᠭᠦᠳ ᠲᠠᠨᠢᠯᠲᠠ ᠪᠠᠨ ᠳᠡᠭᠡᠭᠰᠢᠯᠡᠭᠦᠯᠦᠨ᠂ ᠲᠠᠲᠠᠪᠤᠷᠢᠯᠠᠨ ᠬᠠᠮᠢᠶᠠᠷᠬᠤ ᠪᠠᠨ | ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ | ᠬᠠᠮᠢᠶᠠᠷᠤᠯᠲᠠ ᠶᠢ ᠴᠢᠩᠭᠠᠳᠬᠠᠵᠤ᠂ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠵᠤ᠂ ᠲᠤᠰᠢᠶᠠᠬᠤ | ᠶᠣᠰᠣᠲᠠᠶ ᠶᠢ ᠨᠢ ᠪᠦᠬᠦᠨ ᠢ ᠲᠤᠰᠢᠶᠠᠬᠤ ᠶᠢ ᠦᠨᠡᠨᠬᠦ ᠪᠡᠶᠡᠯᠡᠭᠦᠯᠦᠨ᠎ᠡ᠃ | ︵ᠨᠢᠭᠡ︶ ᠭᠦᠢᠴᠡᠳᠭᠡᠨ ᠬᠤᠷᠢᠶᠠᠬᠤ ᠰᠠᠯᠠᠭ᠎ᠠ ᠮᠦᠴᠢᠷ ᠪᠠ ᠨᠢᠭᠡᠴᠢ ᠪᠤᠯ ᠭᠠᠶᠢᠯᠢ ᠶᠢᠨ ᠪᠤᠰᠤ ᠤᠷᠤᠯᠭ᠎ᠠ ᠶᠢ | ᠲᠠᠳᠠᠪᠤᠷᠢᠯᠠᠬᠤ ᠪᠤᠳᠠᠳᠠᠢ ᠵᠤᠬᠢᠶᠠᠨ ᠪᠠᠶᠢᠭᠤᠯᠬᠤ ᠨᠢᠭᠡᠴᠢ ᠪᠠᠶᠢᠵᠤ᠂ ᠲᠤᠰ ᠰᠠᠯᠠᠭ᠎ᠠ ᠮᠦᠴᠢᠷ ᠪᠠ ᠨᠢᠭᠡᠴᠢ ᠶᠢᠨ | ᠲᠠᠲᠠᠪᠤᠷᠢᠯᠠᠬᠤ ᠠᠵᠢᠯ ᠤᠨ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠲᠤᠤᠷᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ | 1. ᠲᠤᠰ ᠰᠠᠯᠠᠭ᠎ᠠ ᠮᠥᠴᠢᠷ ᠪᠠ ᠨᠢᠭᠡᠴᠢ ᠠᠴᠠ ᠬᠠᠷᠢᠭᠤᠴᠠᠨ ᠲᠠᠲᠠᠪᠤᠷᠢᠯᠠᠭᠰᠠᠨ ᠭᠠᠶᠢᠯᠢ ᠶᠢᠨ ᠪᠤᠰᠤ | ᠣᠷᠣᠯᠭ᠎ᠠ ᠶᠢ ᠲᠠᠲᠠᠪᠤᠷᠢᠯᠠᠬᠤ ᠦᠨᠳᠦᠰᠦᠯᠡᠯ ᠪᠠ ᠪᠣᠳᠠᠲᠠᠶ ᠲᠠᠲᠠᠪᠤᠷᠢᠯᠠᠬᠤ ᠵᠦᠢᠯᠡᠰ ᠢ ᠴᠠᠭ ᠲᠤᠬᠠᠶ ᠳᠤᠨᠢ | ᠨᠡᠶᠢᠭᠡᠮ ᠳᠤ ᠨᠡᠶᠢᠲᠡᠯᠡᠨ᠎ᠡ︔ ᠡᠭᠦᠨ ᠳᠤ ᠲᠥᠷᠥᠯ ᠵᠦᠢᠯ᠂ ᠡᠲᠡᠭᠡᠳ᠂ ᠬᠡᠪᠴᠢᠶ᠎ᠡ᠂ ᠪᠠᠷᠢᠮᠵᠢᠶ᠎ᠠ᠂ ᠬᠤᠭᠤᠴᠠᠭ᠎ᠠ ᠪᠠ | ᠠᠷᠭ᠎ᠠ ᠮᠠᠶ᠋ᠢᠭ ᠵᠡᠷᠭᠡ ᠶᠢ ᠪᠠᠭᠲᠠᠭᠠᠨ᠎ᠠ︔ | 2. ᠲᠥᠰᠥᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ᠂ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠪᠣᠯᠣᠨ ᠨᠢᠭᠡᠴᠢ ᠶᠢᠨ ᠭᠠᠶᠢᠯᠢ ᠶᠢᠨ ᠪᠤᠰᠤ ᠣᠷᠣᠯᠭ᠎ᠠ ᠶᠢᠨ ᠣᠨ ᠤ | ᠲᠥᠰᠥᠪ ᠢ ᠨᠠᠶᠢᠷᠠᠭᠤᠯᠤᠨ ᠮᠡᠳᠡᠭᠦᠯᠦᠨ᠎ᠡ︔ | 3. ᠲᠤᠰ ᠰᠠᠯᠠᠭ᠎ᠠ ᠮᠥᠴᠢᠷ ᠪᠠ ᠨᠢᠭᠡᠴᠢ ᠶᠢᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠠᠵᠢᠯ ᠢ | ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠲᠠᠲᠠᠪᠤᠷᠢᠯᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ | ᠡᠷᠬᠡ ᠠᠴᠠ ᠪᠠᠨ ᠳᠠᠪᠠᠵᠤ ᠲᠠᠲᠠᠪᠤᠷᠢᠯᠠᠬᠤ᠂ ᠬᠡᠯᠲᠦᠷᠢᠭᠦᠯᠬᠦ᠂ ᠬᠤᠶᠢᠰᠢᠯᠠᠭᠤᠯᠬᠤ᠂ ᠲᠠᠲᠠᠪᠤᠷᠢᠯᠠᠬᠤ ᠶᠣᠰᠣᠲᠠᠶ | ᠲᠥᠷᠥᠯ ᠵᠦᠢᠯ ᠢ ᠬᠥᠩᠭᠡᠯᠡᠵᠦ ᠪᠣᠯᠬᠤ ᠦᠭᠡᠶ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠶ ᠳᠤᠨᠢ ᠲᠤᠭ᠎ᠠ | ᠶᠣᠰᠣᠭᠠᠷ ᠲᠠᠲᠠᠪᠤᠷᠢᠯᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠥᠷᠢᠲᠦᠵᠦ ᠪᠠᠶᠢᠭ᠎ᠠ ᠰᠦᠢᠳᠬᠡᠯ ᠤᠨ ᠦᠢᠯᠡ | ᠠᠵᠢᠯᠯᠠᠭ᠎ᠠ ᠳᠤ ᠨᠡᠬᠡᠮᠵᠢᠯᠡᠨ ᠲᠤᠰᠢᠶᠠᠯᠭᠠᠬᠤ ᠬᠠᠷᠢᠭᠤᠴᠠᠯᠭ᠎ᠠ ᠡᠭᠦᠷᠭᠡᠯᠡᠨ᠎ᠡ︔ | 4. ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤ ᠨᠢ ᠡᠳ᠋ ᠤᠨ ᠵᠠᠰᠠᠭ ᠤᠨ ᠲᠤᠰᠬᠠᠢ | ᠳᠠᠩᠰᠠᠨ ᠳᠤ ᠲᠤᠰᠢᠶᠠᠨ᠎ᠠ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠭᠰᠠᠨ ᠪᠠᠶᠢᠳᠠᠯ ᠢ ᠲᠡᠮᠳᠡᠭᠯᠡᠨ | ᠬᠤᠷᠢᠶᠠᠩᠭᠤᠶᠢᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠪᠠ ᠣᠷᠣᠯᠠᠬᠤ ᠪᠠᠩᠬᠢ ᠲᠠᠢ ᠬᠠᠷᠭᠤᠭᠤᠯᠤᠨ᠎ᠠ︔ | 5. ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠭᠠᠷᠭᠠᠨ ᠠᠪᠴᠤ ᠬᠡᠷᠡᠭᠯᠡᠬᠦ ᠶᠢ ᠬᠠᠮᠢᠶᠠᠷᠴᠤ ᠬᠡᠷᠡᠭᠯᠡᠬᠦ ᠶᠢ | ᠬᠠᠷᠢᠭᠤᠴᠠᠨ᠎ᠠ︔ | 6. ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢᠨ ᠪᠤᠰᠤ ᠣᠷᠣᠯᠭ᠎ᠠ ᠶᠢ | ᠲᠠᠲᠠᠪᠤᠷᠢᠯᠠᠬᠤ ᠳᠣᠲᠣᠭᠠᠳᠤ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ | ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯ ᠭᠠᠶᠢᠯᠢ ᠶᠢᠨ ᠪᠤᠰᠤ ᠤᠷᠤᠯᠭ᠎ᠠ ᠶᠢᠨ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ᠂ ᠲᠤᠰ ᠭᠠᠵᠠᠷ ᠤᠷᠤᠨ ᠤ ᠭᠠᠶᠢᠯᠢ ᠶᠢᠨ ᠪᠤᠰᠤ ᠤᠷᠤᠯᠭ᠎ᠠ ᠶᠢᠨ ᠠᠵᠢᠯ ᠳᠤ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠤ᠂ ᠲᠤᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ | 1.ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠲᠤᠬᠠᠶ ᠤᠯᠤᠰ ᠤᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠪᠠᠨ ᠭᠠᠶᠢᠯᠢ ᠶᠢᠨ ᠪᠤᠰᠤ | ᠣᠷᠣᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ᠎ᠠ︔ | 2.ᠡᠯ᠎ᠡ ᠵᠦᠢᠯ ᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ | ᠬᠠᠷᠢᠭᠤᠴᠠᠵᠤ᠂ ᠡᠯ᠎ᠡ ᠭᠦᠢᠴᠡᠳᠬᠡᠬᠦ ᠨᠢᠭᠡᠴᠢ ᠶᠢ ᠱᠠᠭᠠᠷᠳᠠᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ | ᠲᠤᠰᠢᠶᠠᠬᠤ ᠠᠵᠢᠯ ᠢ ᠰᠠᠶᠢᠲᠤᠷ ᠬᠢᠯᠭᠡᠨ᠎ᠡ︔ | 3. ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ ᠢ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ᠂ | ᠨᠠᠶᠢᠷᠠᠭᠤᠯᠤᠨ ᠮᠡᠳᠡᠭᠦᠯᠦᠨ᠎ᠡ︔ | 4. ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ | ᠲᠥᠷᠥ ᠶᠢᠨ ᠪᠣᠳᠣᠯᠭ᠎ᠠ ᠶᠢᠨ ᠶᠣᠰᠣᠭᠠᠷ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠠ ᠭᠠᠶᠢᠯᠢ ᠶᠢᠨ ᠪᠤᠰᠤ | ᠲᠥᠷᠥᠯ ᠵᠦᠢᠯ ᠢ ᠢᠯᠭᠠᠷᠠᠭᠤᠯᠤᠨ᠎ᠠ︔ | 5. ᠡᠳ᠋ ᠤᠨ ᠵᠠᠰᠠᠭ ᠤᠨ ᠫᠢᠶᠣᠣ ᠪᠠᠷᠢᠮᠲᠠ ᠣᠯᠭᠤᠬᠤ᠂ ᠬᠠᠷᠭᠤᠭᠤᠯᠤᠨ ᠬᠠᠰᠤᠬᠤ᠂ ᠣᠨ ᠤ ᠪᠠᠶᠢᠴᠠᠭᠠᠯᠲᠠ | ᠬᠢᠬᠦ ᠵᠡᠷᠭᠡ ᠠᠵᠢᠯ ᠢ ᠬᠠᠷᠢᠭᠤᠴᠠᠨ᠎ᠠ︔ | 6. ᠡᠳᠦᠷ ᠲᠤᠲᠤᠮ ᠤᠨ ᠪᠠᠶᠢᠴᠠᠭᠠᠯᠲᠠ ᠪᠠ ᠲᠤᠰᠬᠠᠶ ᠪᠠᠶᠢᠴᠠᠭᠠᠯᠲᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠡᠯ᠎ᠡ ᠵᠦᠢᠯ ᠤᠨ ᠭᠠᠶᠢᠯᠢ ᠶᠢᠨ | ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ︵ᠭᠤᠷᠪᠠ︶ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠪᠤᠯ ᠭᠠᠶᠢᠯᠢ ᠶᠢᠨ ᠪᠤᠰᠤ ᠲᠦᠷᠦᠯ ᠵᠦᠢᠯ ᠢ | ᠬᠤᠪᠢᠶᠠᠷᠢᠯᠠᠨ ᠰᠢᠯᠵᠢᠬᠦᠯᠵᠤ ᠲᠤᠰᠢᠶᠠᠬᠤ ᠪᠤᠳᠠᠳᠠᠢ ᠰᠠᠯᠠᠭ᠎ᠠ ᠮᠦᠴᠢᠷ ᠪᠠᠶᠢᠵᠤ᠂ ᠭᠠᠶᠢᠯᠢ ᠶᠢᠨ ᠪᠤᠰᠤ ᠤᠷᠤᠯᠭ᠎ᠠ ᠶᠢ | ᠰᠢᠯᠵᠢᠬᠦᠯᠦᠨ ᠲᠤᠰᠢᠶᠠᠬᠤ ᠬᠠᠮᠢᠶᠠᠷᠤᠯᠳᠠ ᠶᠢᠨ ᠬᠠᠷᠢᠭᠤᠴᠠᠯᠭ᠎ᠠ ᠳᠤ ᠲᠤᠤᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ | 1. ᠰᠢᠯᠵᠢᠭᠦᠯᠦᠨ ᠲᠤᠰᠢᠶᠠᠭᠰᠠᠨ ᠭᠠᠶᠢᠯᠢ ᠶᠢᠨ ᠪᠤᠰᠤ ᠲᠥᠷᠥᠯ ᠵᠦᠢᠯ ᠢ ᠲᠠᠲᠠᠪᠤᠷᠢᠯᠠᠨ ᠬᠠᠮᠢᠶᠠᠷᠬᠤ᠂ | ᠳᠡᠭᠡᠭᠰᠢ ᠬᠥᠮᠥᠷᠭᠡ ᠳᠤ ᠣᠷᠣᠭᠤᠯᠬᠤ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ᠂ ᠠᠳᠡᠭᠦᠦ ᠲᠤᠰᠢᠶᠠᠵᠤ | ᠬᠥᠮᠥᠷᠭᠡ ᠳᠤ ᠪᠤᠴᠠᠭᠠᠬᠤ ᠶᠢ ᠬᠠᠷᠢᠭᠤᠴᠠᠨ᠎ᠠ︔ | 2. ᠭᠦᠢᠴᠡᠳᠭᠡᠨ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ ᠰᠦᠢᠳᠬᠡᠯ ᠲᠤᠰᠢᠶᠠᠭᠴᠢ ᠶᠢᠨ | ᠥᠷᠢᠲᠦᠭᠰᠡᠨ ᠰᠦᠢᠳᠬᠡᠯ ᠢ ᠨᠡᠬᠡᠮᠵᠢᠯᠡᠨ ᠲᠤᠰᠢᠶᠠᠯᠭᠠᠨ᠎ᠠ︔ ᠬᠤᠪᠢᠶᠠᠷᠢᠯᠠᠨ ᠰᠢᠯᠵᠢᠭᠦᠯᠬᠦ ᠠᠴᠠ ᠡᠮᠦᠨᠡᠬᠢ | ᠥᠷᠢᠲᠦᠭᠰᠡᠨ ᠰᠦᠢᠳᠬᠡᠯ ᠢ ᠤᠤᠯ ᠤᠨ ᠭᠦᠢᠴᠡᠳᠭᠡᠨ ᠬᠤᠷᠢᠶᠠᠬᠤ ᠨᠢᠭᠡᠴᠢ ᠶᠢᠨ ᠬᠢᠨᠠᠨ ᠬᠠᠷᠭᠤᠭᠤᠯᠤᠯᠲᠠ ᠪᠤᠷᠤᠭᠤ | ᠦᠭᠡᠢ ᠪᠠᠶᠢᠳᠠᠯ ᠳᠣᠣᠷ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠮᠵᠢᠯᠴᠠᠨ ᠤᠤᠯ ᠤᠨ ᠵᠢᠯ ᠤᠨ | ᠥᠷᠢᠲᠦᠭᠰᠡᠨ ᠰᠦᠢᠳᠬᠡᠯ ᠢ ᠨᠥᠬᠦᠵᠦ ᠲᠤᠰᠢᠶᠠᠬᠤ ᠶᠢ ᠰᠠᠶᠢᠲᠤᠷ ᠭᠦᠢᠴᠡᠳᠬᠡᠨ᠎ᠡ︔ | 3. ᠰᠦᠢᠳᠬᠡᠯ ᠲᠤᠰᠢᠶᠠᠬᠤ ᠶᠠᠪᠤᠴᠠ ᠶᠢ ᠰᠢᠯᠢᠳᠡᠭᠵᠢᠭᠦᠯᠬᠦ ᠶᠢ ᠬᠠᠷᠢᠭᠤᠴᠠᠵᠤ᠂ ᠰᠦᠢᠳᠬᠡᠯ ᠲᠤᠰᠢᠶᠠᠬᠤ | ᠤᠯᠠᠨ ᠶᠠᠩᠵᠤ ᠶᠢᠨ ᠠᠷᠭ᠎ᠠ ᠵᠠᠮ ᠢ ᠨᠡᠭᠡᠭᠡᠵᠦ᠂ ᠲᠠᠲᠠᠪᠤᠷᠢᠯᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠰᠦᠢᠳᠬᠡᠯ ᠬᠤᠷᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ︵ᠲᠦᠷᠪᠡ︶ ᠠᠷᠡᠳ ᠤᠨ ᠪᠠᠩᠬᠢ ᠵᠢᠴᠢ ᠡᠯ᠎ᠠ ᠣᠷᠣᠯᠠᠬᠤ ᠪᠠᠩᠬᠢ ᠨᠢ ᠭᠠᠶᠢᠯᠢ ᠶᠢᠨ ᠪᠤᠰᠣ ᠣᠷᠣᠯᠭ᠎ᠠ ᠶᠢ | ᠳᠡᠳᠡᠪᠦᠷᠢᠯᠬᠠᠥ ᠲᠣᠬᠠᠶᠢᠯᠬᠠᠰᠠᠨ ᠠᠵᠢᠯ ᠢ ᠬᠦᠢᠴᠡᠳᠭᠡᠬᠦ ᠠᠵᠢᠯ ᠢ ᠰᠠᠶᠢᠳᠣᠷ ᠬᠢᠵᠦ᠂ ᠲᠣᠣᠷᠡᠬᠢ ᠮᠡᠳᠣ ᠡᠬᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ | 1. ᠠᠷᠠᠳ ᠤᠨ ᠪᠠᠩᠬᠢ ᠨᠢ ᠭᠠᠶᠢᠯᠢ ᠶᠢᠨ ᠪᠤᠰᠤ ᠣᠷᠣᠯᠭ᠎ᠠ ᠶᠢᠨ ᠬᠤᠪᠢᠳᠠᠬᠤ ᠬᠠᠷᠢᠴᠠᠯ ᠢᠶᠠᠷ ᠬᠤᠪᠢᠳᠠᠬᠤ | ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤ ᠨᠢ ᠵᠣᠬᠢᠴᠠᠩᠭᠤᠢ ᠱᠠᠲᠤᠨ ᠤ ᠤᠯᠤᠰ ᠤᠨ ᠰᠠᠩ ᠳᠤ | ᠲᠤᠰᠢᠶᠠᠬᠤ ᠶᠢ ᠬᠠᠷᠢᠭᠤᠴᠠᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠬᠤ ᠪᠠ ᠬᠢᠨᠠᠯᠲᠠ | ᠲᠠᠯᠪᠢᠬᠤ ᠶᠢ ᠴᠢᠩᠭᠠᠳᠬᠠᠵᠤ᠂ ᠡᠯ᠎ᠡ ᠣᠷᠣᠯᠠᠨ ᠭᠦᠢᠴᠡᠳᠬᠡᠬᠦ ᠪᠠᠩᠬᠢ ᠶᠢ ᠰᠢᠮᠳᠠᠭᠤᠯᠵᠤ ᠪᠠᠶᠢᠭᠠᠳ ᠭᠠᠶᠢᠯᠢ | ᠲᠠᠲᠠᠪᠤᠷᠢᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠ ᠳᠠᠩᠰᠠ ᠡᠷᠦᠬᠡ ᠶᠢᠨ ᠬᠠᠮᠢᠶᠠᠷᠤᠯᠲᠠ ᠶᠢᠨ ᠠᠵᠢᠯ ᠢ | ᠬᠢᠨᠠᠮᠠᠭᠠᠢ ᠰᠠᠶᠢᠲᠤᠷ ᠬᠢᠯᠭᠡᠨ᠎ᠡ᠃ | 2. ᠡᠯ᠎ᠡ ᠣᠷᠣᠯᠠᠬᠤ ᠪᠠᠩᠬᠢ ᠨᠢ ᠭᠠᠶᠢᠯᠢ ᠶᠢᠨ ᠪᠤᠰᠤ ᠣᠷᠣᠯᠭ᠎ᠠ ᠶᠢ ᠵᠣᠭᠤᠰ ᠲᠤᠰᠢᠶᠠᠬᠤ᠂ ᠪᠡᠯᠡ ᠮᠥᠩᠭᠦ ᠶᠢ | ᠭᠤᠪᠢᠭᠤᠯᠬᠤ᠂ ᠣᠷᠣᠯᠭ᠎ᠠ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ᠂ ᠳᠡᠭᠡᠭᠰᠢ ᠲᠤᠰᠢᠶᠠᠬᠤ᠂ ᠡᠳ᠋ ᠤᠨ | ᠬᠥᠮᠥᠷᠭᠡ ᠳᠤ ᠲᠤᠰᠢᠶᠠᠬᠤ᠂ ᠣᠷᠣᠯᠭ᠎ᠠ ᠶᠢ ᠬᠤᠪᠢᠳᠠᠬᠤ ᠵᠡᠷᠭᠡ ᠲᠤᠬᠠᠶᠢᠯᠠᠭᠰᠠᠨ ᠠᠵᠢᠯ ᠢ ᠬᠠᠷᠢᠭᠤᠴᠠᠨ | ᠰᠢᠢᠳᠪᠦᠷᠢᠯᠡᠵᠦ᠂ ᠪᠤᠷᠤᠭᠤ ᠬᠤᠷᠢᠶᠠᠬᠤ᠂ ᠤᠳᠠᠭᠠᠰᠢᠷᠠᠭᠤᠯᠬᠤ᠂ ᠳᠠᠷᠤᠭᠳᠠᠭᠤᠯᠬᠤ ᠵᠡᠷᠭᠡ ᠦᠢᠯᠡ ᠠᠵᠢᠯᠯᠠᠭ᠎ᠠ ᠶᠢ | ᠴᠢᠩᠭ᠎ᠠ ᠵᠣᠭᠰᠣᠭᠠᠬᠤ ᠬᠡᠷᠡᠭᠲᠡᠶ᠃ | ᠭᠤᠷᠪᠠ᠂ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ | ᠴᠢᠩᠭᠠᠳᠬᠠᠨ᠎ᠠ | ︵ᠨᠢᠭᠡ︶ ᠭᠠᠶᠢᠯᠢ ᠶᠢᠨ ᠪᠤᠰᠤ ᠵᠦᠢᠯᠡᠰ ᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠨ᠎ᠠ᠃ | ᠨᠢᠭᠡᠴᠢ ᠨᠦᠭᠦᠳ ᠭᠠᠶᠢᠯᠢ ᠶᠢᠨ ᠪᠤᠰᠤ ᠲᠥᠷᠥᠯ ᠵᠦᠢᠯ ᠪᠠᠶᠢᠭᠤᠯᠬᠤ ᠪᠠᠷ ᠭᠤᠶᠤᠴᠢᠯᠠᠬᠤ ᠳᠤ᠂ ᠬᠠᠮᠢᠶ᠎ᠠ ᠪᠦᠬᠦᠢ | ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠨᠢᠭᠡᠴᠢ ᠶᠢᠨ ︽ᠭᠤᠷᠪᠠ ᠶᠢ | ᠲᠣᠭᠲᠠᠭᠠᠬᠤ︾ ᠲᠥᠰᠦᠯ᠂ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠤᠨ ᠨᠢᠭᠡᠳᠦᠯᠲᠡᠶ ᠦᠨᠡᠮᠯᠡᠯ ᠢ | ᠲᠤᠰᠢᠶᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ | ᠳᠦᠷᠦᠯ ᠬᠤᠪᠢᠶᠠᠭᠰᠠᠨ ᠲᠥᠷᠥᠯ ᠵᠦᠢᠯ ᠢ ᠦᠨᠳᠦᠰᠦᠯᠡᠨ ᠴᠢᠩᠭ᠎ᠠ ᠬᠢᠨᠠᠨ ᠪᠠᠶᠢᠴᠠᠭᠠᠵᠤ᠂ ᠬᠠᠤᠯᠢ ᠶᠣᠰᠣᠭᠠᠷ ᠬᠢᠨᠠᠨ | ᠵᠥᠪᠰᠢᠶᠡᠷᠡᠨ᠎ᠡ᠃ | ︵ᠬᠤᠶᠠᠷ︶ ᠶᠠᠪᠤᠯᠴᠠᠬᠤ ᠲᠥᠷᠥᠯ ᠵᠦᠢᠯ ᠤᠨ ᠬᠢᠨᠠᠨ ᠵᠦᠪᠰᠢᠶᠡᠷᠡᠬᠦ ᠠᠵᠢᠯ ᠢ ᠴᠢᠩᠭᠠᠳᠬᠠᠵᠤ᠂ ᠨᠢᠭᠡᠴᠢ | ᠨᠠᠰᠢ ᠴᠠᠰᠢ ᠶᠠᠪᠤᠯᠴᠠᠬᠤ ᠲᠥᠷᠥᠯ ᠵᠦᠢᠯ ᠭᠤᠶᠤᠴᠢᠯᠠᠬᠤ ᠳᠤ᠂ ᠭᠤᠶᠤᠴᠢᠯᠠᠬᠤ ᠦᠨᠳᠦᠰᠦᠯᠡᠯ ᠬᠠᠩᠭᠠᠵᠤ᠂ ᠪᠡᠯᠡ | ᠮᠥᠩᠭᠦ ᠶᠢᠨ ᠢᠷᠡᠵᠦ ᠶᠠᠪᠤᠬᠤ ᠰᠢᠨᠵᠢ ᠴᠢᠨᠠᠷ ᠢ ᠭᠡᠷᠡᠴᠢᠯᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠤ | ᠪᠠᠶᠢᠳᠠᠯ ᠢᠶᠠᠨ ᠦᠨᠳᠦᠰᠦᠯᠡᠨ ᠴᠢᠩᠭ᠎ᠠ ᠬᠢᠨᠠᠨ ᠵᠥᠪᠰᠢᠶᠡᠷᠡᠨ᠎ᠡ᠃ | ︵ᠭᠤᠷᠪᠠ︶ ᠭᠠᠶᠢᠯᠢ ᠶᠢᠨ ᠪᠤᠰᠤ ᠲᠥᠷᠥᠯ ᠵᠦᠢᠯ ᠪᠣᠯᠤᠨ ᠬᠠᠷᠢᠯᠴᠠᠭᠠᠨ ᠤ ᠲᠥᠷᠥᠯ ᠵᠦᠢᠯ ᠢ ᠴᠢᠩᠭ᠎ᠠ | ᠬᠤᠪᠢᠶᠠᠨ᠎ᠠ᠃ ᠭᠠᠶᠢᠯᠢ ᠶᠢᠨ ᠪᠤᠰᠤ ᠲᠥᠷᠥᠯ ᠵᠦᠢᠯ ᠪᠣᠯ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ | ᠢᠷᠡᠯᠲᠡ ᠪᠠᠶᠢᠵᠤ᠂ ᠬᠠᠷᠢᠨ ᠶᠠᠪᠤᠯᠴᠠᠭ᠎ᠠ ᠶᠢᠨ ᠪᠡᠯᠡ ᠮᠥᠩᠭᠦ ᠨᠢ ᠭᠠᠶᠢᠯᠢ ᠶᠢᠨ ᠪᠤᠰᠤ ᠣᠷᠣᠯᠭ᠎ᠠ ᠶᠢ ᠪᠦᠷᠢᠯᠳᠦᠭᠦᠯᠬᠦ | ᠦᠭᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠲᠥᠷᠥᠯ ᠵᠦᠢᠯ ᠪᠠ ᠬᠠᠷᠢᠯᠴᠠᠭᠠᠨ ᠤ | ᠲᠥᠷᠥᠯ ᠵᠦᠢᠯ ᠢ ᠴᠢᠩᠭ᠎ᠠ ᠢᠯᠭᠠᠵᠤ᠂ ᠭᠠᠶᠢᠯᠢ ᠶᠢᠨ ᠪᠤᠰᠤ ᠲᠥᠷᠥᠯ ᠵᠦᠢᠯ ᠢ ᠶᠠᠪᠤᠯᠴᠠᠭ᠎ᠠ ᠶᠢᠨ ᠲᠥᠷᠥᠯ ᠵᠦᠢᠯ | ᠪᠣᠯᠭᠠᠬᠤ ᠶᠢ ᠴᠢᠩᠭ᠎ᠠ ᠬᠤᠷᠢᠭᠯᠠᠵᠤ᠂ ᠭᠠᠶᠢᠯᠢ ᠶᠢᠨ ᠪᠤᠰᠤ ᠣᠷᠣᠯᠭ᠎ᠠ ᠶᠢ ᠬᠠᠷᠢᠯᠴᠠᠭᠠᠨ ᠤ ᠪᠡᠯᠡ ᠮᠥᠩᠭᠦ ᠰᠠᠯᠭᠠᠨ | ᠥᠭᠬᠦ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠡᠷᠡᠰ ᠬᠤᠷᠢᠭᠯᠠᠨ᠎ᠠ᠃ | ᠳᠥᠷᠪᠡ᠂ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ | ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠣ ᠪᠠᠷᠢᠮᠲᠠ ᠪᠣᠯ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ | ᠬᠠᠤᠯᠢ ᠪᠠᠷ ᠲᠣᠭᠲᠠᠭᠠᠭᠰᠠᠨ ᠭᠡᠷᠡᠴᠢ ᠪᠠᠷᠢᠮᠲᠠ ᠪᠠ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠩᠬᠠᠨ ᠤ ᠭᠡᠷᠡᠴᠢ | ᠮᠥᠨ᠂ ᠡᠳ᠋ ᠤᠨ ᠶᠠᠪᠤᠳᠠᠯ ᠨᠢᠭᠲᠠᠯᠠᠨ ᠪᠤᠳᠤᠵᠤ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ | ᠵᠡᠷᠭᠡ ᠶᠢᠨ ᠴᠢᠬᠤᠯᠠ ᠦᠨᠳᠦᠰᠦᠯᠡᠯ ᠮᠥᠨ᠃ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠳᠤ ᠭᠡᠷᠡᠴᠢ | ᠪᠠᠷᠢᠮᠲᠠ ᠠᠪᠬᠤ᠂ ᠤᠳᠠᠭ᠎ᠠ ᠬᠤᠪᠢᠶᠠᠨ ᠬᠡᠮᠵᠢᠶ᠎ᠡ ᠬᠢᠵᠠᠭᠠᠷᠯᠠᠬᠤ᠂ ᠬᠠᠭᠤᠴᠢᠨ ᠢ ᠬᠠᠷᠭᠤᠭᠤᠯᠵᠤ ᠰᠢᠨ᠎ᠡ ᠳᠦᠷᠢᠮ ᠢ | ᠬᠡᠷᠡᠭᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ | ᠣᠷᠣᠯᠭ᠎ᠠ ᠶᠢᠨ ᠫᠢᠶᠣᠤ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠭᠦᠢᠴᠡᠳᠬᠡᠨ ᠬᠤᠷᠢᠶᠠᠬᠤ ᠨᠢᠭᠡᠴᠢ ᠶᠢᠨ | ᠲᠠᠲᠠᠪᠤᠷᠢᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠡᠬᠢ | ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠬᠠᠤᠯᠢ ᠲᠣᠭᠲᠠᠭᠠᠯ ᠳᠤ ᠨᠡᠶᠢᠴᠡᠬᠦ ᠭᠠᠶᠢᠯᠢ ᠶᠢᠨ ᠪᠤᠰᠤ | ᠣᠷᠣᠯᠭ᠎ᠠ ᠶᠢ ᠤᠯᠤᠰ ᠤᠨ ᠬᠥᠮᠥᠷᠭᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠤᠰᠢᠶᠠᠬᠤ ᠶᠢ ᠦᠨᠡᠨᠬᠦ | ᠪᠠᠲᠤᠯᠠᠨ᠎ᠠ᠃ | ᠡᠳ᠋ ᠤᠨ ᠵᠠᠰᠠᠭ ᠤᠨ ᠶᠠᠮᠤᠨ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠭᠦᠢᠴᠡᠳᠬᠡᠨ ᠬᠤᠷᠢᠶᠠᠬᠤ | ᠨᠢᠭᠡᠴᠢ ᠨᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠵᠤ᠂ ᠲᠤᠰᠢᠶᠠᠬᠤ ᠡᠭᠦᠷᠭᠡᠳᠡᠨ ᠨᠢ ᠡᠳ᠋ ᠤᠨ ᠵᠠᠰᠠᠭ ᠤᠨ | ᠶᠠᠮᠤᠨ ᠪᠤᠶᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠢᠭᠡᠳᠦᠯᠲᠡᠶ ᠬᠢᠨᠠᠨ ︵ | ᠳᠠᠷᠤᠮᠠᠯᠯᠠᠬᠤ︶ ᠦᠢᠯᠡᠳᠦᠭᠰᠡᠨ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠬᠢᠵᠦ ᠥᠭᠬᠦ ᠬᠡᠷᠡᠭᠲᠡᠶ᠃ | ᠦᠨ᠎ᠡ ᠬᠠᠩᠰᠢ ᠶᠢᠨ ᠲᠠᠯ᠎ᠠ ᠪᠠᠷ ᠨᠡᠮᠡᠯᠲᠡ ᠲᠠᠲᠠᠪᠤᠷᠢᠯᠠᠬᠤ ᠪᠤᠶᠤ ᠬᠠᠤᠯᠢ ᠶᠣᠰᠣᠭᠠᠷ ᠭᠠᠶᠢᠯᠢ ᠲᠤᠰᠢᠶᠠᠬᠤ | ᠴᠢᠬᠤᠯᠠ ᠲᠠᠢ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠭᠦᠢᠴᠡᠳᠬᠡᠨ ᠬᠤᠷᠢᠶᠠᠬᠤ ᠨᠢᠭᠡᠴᠢ ᠨᠢ | ᠲᠣᠭᠲᠠᠭᠠᠯ ᠶᠣᠰᠣᠭᠠᠷ ᠲᠤᠰᠢᠶᠠᠬᠤ ᠡᠭᠦᠷᠭᠡᠳᠡᠨ ᠨᠢ ᠭᠠᠶᠢᠯᠢ ᠶᠢᠨ ᠶᠠᠪᠤᠳᠠᠯ ᠤᠨ ᠪᠠᠷᠢᠮᠲᠠ ᠬᠢᠵᠦ ᠥᠭᠬᠦ ᠬᠡᠷᠡᠭᠲᠡᠶ᠃ | ᠲᠣᠭᠲᠠᠭᠠᠭᠰᠠᠨ ᠫᠢᠶᠣᠤ ᠪᠠᠷᠢᠮᠲᠠ ᠭᠠᠷᠭᠠᠬᠤ ᠦᠭᠡᠢ ᠪᠣᠯ᠂ ᠲᠤᠰᠢᠶᠠᠬᠤ ᠡᠭᠦᠷᠭᠡᠳᠡᠨ ᠵᠣᠭᠤᠰ ᠲᠤᠰᠢᠶᠠᠬᠤ ᠶᠢ | ᠲᠡᠪᠴᠢᠬᠦ ᠡᠷᠬᠡ ᠲᠠᠢ᠃ | ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠬᠡᠷᠡᠭᠯᠡᠬᠦ ᠨᠢᠭᠡᠴᠢ ᠭᠠᠶᠢᠯᠢ ᠶᠢᠨ ᠪᠤᠰᠤ | ᠣᠷᠣᠯᠭ᠎ᠠ ᠶᠢᠨ ᠫᠢᠶᠣᠤ ᠪᠠᠷᠢᠮᠲᠠ ᠶᠢ ᠰᠢᠯᠵᠢᠭᠦᠯᠦᠨ ᠥᠭᠴᠦ᠂ ᠵᠢᠭᠡᠯᠡᠭᠦᠯᠵᠦ᠂ ᠣᠷᠣᠯᠠᠨ ᠬᠢᠵᠦ᠂ ᠬᠤᠳᠠᠯᠳᠤᠭᠠᠯᠠᠵᠤ᠂ | ᠳᠤᠷ᠎ᠠ ᠪᠠᠷ ᠢᠶᠠᠨ ᠰᠢᠲᠠᠭᠠᠵᠤ᠂ ᠪᠠᠯᠠᠯᠤᠨ ᠥᠭᠡᠷᠡᠴᠢᠯᠡᠵᠦ ᠪᠣᠯᠬᠤ ᠦᠭᠡᠢ︔ ᠭᠠᠶᠢᠯᠢ ᠶᠢᠨ ᠪᠤᠰᠤ ᠣᠷᠣᠯᠭ᠎ᠠ ᠶᠢᠨ | ᠫᠢᠶᠣᠤ ᠪᠠᠷᠢᠮᠲᠠ ᠶᠢ ᠤᠭᠰᠠᠷᠠᠨ ᠬᠡᠷᠡᠭᠯᠡᠵᠦ ᠪᠣᠯᠬᠤ ᠦᠭᠡᠢ᠂ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ | ᠪᠣᠯᠣᠨ ᠪᠤᠰᠤᠳ ᠫᠢᠶᠣᠤ ᠪᠠᠷᠢᠮᠲᠠ ᠶᠢ ᠬᠠᠷᠢᠯᠴᠠᠨ ᠣᠷᠣᠯᠠᠭᠤᠯᠵᠤ ᠪᠣᠯᠬᠤ ᠦᠭᠡᠢ᠂ ᠭᠠᠶᠢᠯᠢ ᠶᠢᠨ ᠪᠤᠰᠤ | ᠣᠷᠣᠯᠭ᠎ᠠ ᠶᠢᠨ ᠫᠢᠶᠣᠤ ᠪᠠᠷᠢᠮᠲᠠ ᠶᠢ ᠬᠡᠷᠡᠭᠯᠡᠵᠦ ᠳᠠᠭᠤᠰᠪᠠᠯ᠂ ᠬᠡᠷᠡᠭᠯᠡᠬᠦ ᠨᠢᠭᠡᠴᠢ ᠫᠢᠶᠣᠤ ᠪᠠᠷᠢᠮᠲᠠ ᠶᠢᠨ | ᠦᠨᠳᠦᠰᠦ ᠶᠢ ᠳᠡᠰ ᠳᠠᠷᠠᠭᠠᠯᠠᠯ ᠤᠨ ᠶᠣᠰᠣᠭᠠᠷ ᠢᠯᠭᠠᠷᠠᠭᠤᠯᠵᠤ᠂ ᠳᠡᠪᠲᠡᠷᠯᠡᠵᠦ᠂ ᠲᠣᠬᠢᠲᠠᠶ ᠬᠠᠳᠠᠭᠠᠯᠠᠬᠤ ᠬᠡᠷᠡᠭᠲᠡᠶ᠃ | ᠭᠠᠶᠢᠯᠢ ᠶᠢᠨ ᠪᠤᠰᠤ ᠣᠷᠣᠯᠭ᠎ᠠ ᠶᠢᠨ ᠲᠠᠰᠤᠯᠪᠤᠷᠢ ᠪᠠᠷᠢᠮᠲᠠ ᠶᠢᠨ ᠬᠠᠳᠠᠭᠠᠯᠠᠬᠤ ᠬᠤᠭᠤᠴᠠᠭ᠎ᠠ ᠶᠢ ᠡᠩ ᠤᠨ | ᠪᠠᠶᠢᠳᠠᠯ ᠳᠤ 5 ᠵᠢᠯ ᠪᠠᠶᠢᠯᠭᠠᠳᠠᠭ᠃ ᠬᠠᠳᠠᠭᠠᠯᠠᠬᠤ ᠬᠤᠭᠤᠴᠠᠭ᠎ᠠ ᠨᠢ ᠳᠠᠭᠤᠰᠴᠤ ᠤᠰᠠᠳᠭᠠᠬᠤ ᠴᠢᠬᠤᠯᠠᠲᠠᠢ ᠪᠣᠯ | ᠤᠭ ᠪᠠᠷᠢᠮᠲᠠ ᠶᠢᠨ ᠪᠠᠷᠢᠮᠲᠠ ᠶᠢᠨ ᠡᠳ᠋ ᠤᠨ ᠵᠠᠰᠠᠭ ᠤᠨ ᠰᠠᠯᠪᠤᠷᠢ ᠳᠤ ᠮᠡᠳᠡᠭᠦᠯᠦᠨ ᠰᠢᠯᠭᠠᠨ ᠪᠠᠶᠢᠴᠠᠭᠠᠭᠰᠠᠨ ᠤ | ᠳᠠᠷᠠᠭ᠎ᠠ ᠤᠰᠠᠳᠬᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠡᠯᠧᠺᠲᠷᠣᠨ ᠫᠢᠶᠣᠤ ᠪᠠᠷᠢᠮᠲᠠ ᠶᠢᠨ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠲᠣᠭᠠᠨ ᠤ ᠮᠡᠳᠡᠭᠡ ᠵᠠᠩᠭᠢ ᠪᠠᠷ ᠴᠠᠭᠠᠰᠤᠨ | ᠪᠢᠴᠢᠭ ᠮᠠᠲ᠋ᠧᠷᠢᠶᠠᠯ᠂ ᠡᠯᠧᠺᠲᠷᠣᠨ ᠭᠠᠷ ᠤᠨ ᠦᠰᠦᠭ ᠵᠢᠷᠤᠭᠰᠠᠨ ᠢᠶᠠᠷ ᠭᠠᠷ ᠢᠶᠠᠷ ᠭᠠᠷ ᠤᠨ ᠦᠰᠦᠭ ᠵᠢᠷᠤᠬᠤ | ᠲᠠᠮᠠᠭ᠎ᠠ ᠳᠠᠷᠤᠬᠤ ᠶᠢ ᠣᠷᠣᠯᠠᠭᠤᠯᠤᠨ᠂ ᠺᠣᠮᠫᠢᠦ᠋ᠲ᠋ᠧᠷ ᠪᠣᠯᠤᠨ ᠮᠡᠳᠡᠭᠡ ᠵᠠᠩᠭᠢ ᠶᠢᠨ ᠲᠣᠤᠷ ᠰᠦᠯᠵᠢᠶᠡᠨ ᠤ | ᠮᠡᠷᠭᠡᠵᠢᠯ ᠳᠤ ᠲᠦᠰᠢᠭᠯᠡᠨ ᠡᠳ᠋ ᠤᠨ ᠵᠠᠰᠠᠭ ᠤᠨ ᠡᠯᠧᠺᠲᠷᠣᠨ ᠫᠢᠶᠣᠤ ᠪᠠᠷᠢᠮᠲᠠ ᠶᠢ ᠭᠠᠷᠭᠠᠵᠤ ᠥᠭᠬᠦ᠂ ᠬᠠᠳᠠᠭᠠᠯᠠᠬᠤ᠂ | ᠳᠠᠮᠵᠢᠭᠤᠯᠬᠤ ᠪᠠ ᠬᠦᠯᠢᠶᠡᠨ ᠠᠪᠴᠤ᠂ ᠡᠳ᠋ ᠤᠨ ᠵᠠᠰᠠᠭ ᠤᠨ ᠫᠢᠶᠣᠤ ᠪᠠᠷᠢᠮᠲᠠ ᠶᠢ ᠪᠠᠭᠲᠠᠭᠠᠭᠰᠠᠨ ᠭᠠᠶᠢᠯᠢ ᠶᠢᠨ | ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠡᠯᠧᠺᠲᠷᠣᠨ ᠢᠶᠠᠷ ᠫᠢᠶᠣᠣ ᠪᠠᠷᠢᠮᠲᠠ ᠭᠠᠷᠭᠠᠬᠤ᠂ ᠠᠦ᠋ᠲ᠋ᠣ᠋ ᠪᠠᠷ ᠬᠢᠨᠠᠵᠤ | ᠭᠠᠷᠭᠠᠬᠤ᠂ ᠪᠦᠬᠦ ᠶᠠᠪᠤᠴᠠ ᠳᠤ ᠮᠥᠷᠳᠡᠬᠦ᠂ ᠡᠬᠢ ᠡᠭᠦᠰᠦᠯ ᠠᠴᠠ ᠨᠢ ᠡᠵᠡᠮᠳᠡᠬᠦ ᠬᠡᠷᠡᠭᠲᠡᠶ᠃ | ᠲᠠᠪᠤ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ | ︵ᠨᠢᠭᠡ︶ ᠡᠩ ᠤᠨ ᠣᠯᠠᠨ ᠨᠡᠶᠢᠲᠡ ᠶᠢᠨ ᠲᠦᠰᠦᠪ ᠲᠤ ᠣᠷᠤᠭᠤᠯᠤᠭᠰᠠᠨ ᠭᠠᠶᠢᠯᠢ ᠶᠢᠨ ᠪᠣᠰᠤ | ᠣᠷᠤᠯᠭ᠎ᠠ ᠠᠴᠠ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ | 1. ᠲᠤᠰᠬᠠᠶ ᠵᠦᠢᠯ ᠤᠨ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠬᠠᠶ ᠵᠦᠢᠯ ᠤᠨ | ᠣᠷᠣᠯᠭ᠎ᠠ ᠳᠤ ᠭᠤᠤᠯᠳᠠᠭᠤ ᠰᠤᠷᠭᠠᠨ ᠬᠥᠮᠦᠵᠢᠯ ᠤᠨ ᠨᠡᠮᠡᠯᠲᠡ ᠣᠷᠣᠯᠭ᠎ᠠ᠂ ᠣᠷᠣᠨ ᠨᠤᠲᠤᠭ ᠤᠨ ᠰᠤᠷᠭᠠᠨ | ᠬᠥᠮᠦᠵᠢᠯ ᠤᠨ ᠨᠡᠮᠡᠯᠲᠡ ᠣᠷᠣᠯᠭ᠎ᠠ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ | ᠣᠷᠣᠯᠭ᠎ᠠ᠂ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ᠂ ᠤᠰᠤᠨ ᠠᠰᠢᠭᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠲᠤᠰᠬᠠᠶ ᠵᠦᠢᠯ ᠤᠨ ᠣᠷᠣᠯᠭ᠎ᠠ ᠵᠡᠷᠭᠡ ᠶᠢ ᠪᠠᠭᠲᠠᠭᠠᠨ᠎ᠠ᠃ ᠲᠤᠰᠬᠠᠶ ᠵᠦᠢᠯ ᠤᠨ | ᠣᠷᠣᠯᠭ᠎ᠠ ᠶᠢ ᠲᠠᠲᠠᠪᠤᠷᠢᠯᠠᠬᠤ ᠳᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠬᠤᠯᠪᠣᠭᠳᠠᠯ | ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠨᠢ | ᠤᠯᠤᠰ ᠤᠨ ᠬᠥᠮᠥᠷᠭᠡ ᠳᠤ ᠣᠷᠣᠭᠤᠯᠤᠨ᠎ᠠ᠃ | 2. ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠭᠤᠤᠯᠳᠠᠭᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠡᠷᠭᠡ ᠶᠢ | ᠪᠠᠭᠲᠠᠭᠠᠨ᠎ᠠ᠃ ᠡᠯ᠎ᠡ ᠭᠦᠢᠴᠡᠳᠭᠡᠨ ᠬᠤᠷᠢᠶᠠᠬᠤ ᠨᠢᠭᠡᠴᠢ ᠨᠦᠭᠦᠳ ᠲᠥᠪ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠡᠯ᠎ᠡ ᠵᠦᠢᠯ ᠤᠨ ᠵᠠᠷᠤᠳᠠᠯ ᠢ ᠬᠠᠰᠤᠵᠤ ᠰᠥᠭᠡᠷᠭᠦ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠦᠢᠳᠬᠡᠯ ᠬᠤᠷᠢᠶᠠᠬᠤ ᠲᠥᠷᠥᠯ ᠵᠦᠢᠯ ᠢ ᠴᠠᠭ ᠲᠤᠬᠠᠶ ᠳᠤᠨᠢ ᠬᠦᠴᠦᠨ | ᠦᠭᠡᠶ ᠪᠣᠯᠭᠠᠬᠤ ᠪᠤᠶᠤ ᠬᠡᠯᠲᠦᠷᠢᠭᠦᠯᠵᠦ᠂ ᠬᠠᠰᠤᠵᠤ ᠲᠠᠲᠠᠪᠤᠷᠢᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠨᠡᠶᠢᠲᠡᠯᠡᠭᠰᠡᠨ ᠭᠠᠷᠴᠠᠭ ᠤᠨ ᠨᠠᠷᠢᠨ ᠬᠠᠭᠤᠳᠠᠰᠤ ᠪᠠᠷ ᠰᠦᠢᠳᠬᠡᠯ ᠬᠤᠷᠢᠶᠠᠬᠤ ᠲᠥᠷᠥᠯ | ᠵᠦᠢᠯ ᠢ ᠴᠢᠩᠭ᠎ᠠ ᠵᠢᠷᠤᠮᠯᠠᠨ᠎ᠠ︔ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠭᠤᠯᠵᠤ᠂ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠬᠦ ᠶᠢ | ᠴᠢᠩᠭ᠎ᠠ ᠬᠤᠷᠢᠭᠯᠠᠨ᠎ᠠ᠃ | 3. ᠲᠣᠷᠭᠠᠵᠤ ᠬᠤᠷᠢᠶᠠᠭᠰᠠᠨ ᠣᠷᠣᠯᠭ᠎ᠠ ︵ᠡᠳ᠋ ᠬᠥᠷᠥᠩᠭᠡ︶ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠣᠷᠭᠠᠵᠤ ᠬᠤᠷᠢᠶᠠᠭᠰᠠᠨ ᠣᠷᠣᠯᠭ᠎ᠠ ᠳᠤ ᠭᠤᠤᠯᠳᠠᠭᠤ ᠳᠣᠲᠣᠭᠠᠳᠤ ᠶᠢ ᠬᠠᠮᠠᠭᠠᠯᠠᠬᠤ ᠲᠣᠷᠭᠠᠵᠤ ᠬᠤᠷᠢᠶᠠᠨ | ᠠᠪᠤᠭᠰᠠᠨ ᠣᠷᠣᠯᠭ᠎ᠠ᠂ ᠡᠷᠡᠭᠦᠯ ᠬᠠᠮᠠᠭᠠᠯᠠᠯ ᠤᠨ ᠲᠣᠷᠭᠠᠵᠤ ᠬᠤᠷᠢᠶᠠᠨ ᠠᠪᠤᠭᠰᠠᠨ ᠣᠷᠣᠯᠭ᠎ᠠ᠂ ᠵᠠᠮ | ᠬᠠᠷᠢᠯᠴᠠᠭᠠᠨ ᠤ ᠲᠣᠷᠭᠠᠵᠤ ᠬᠤᠷᠢᠶᠠᠨ ᠠᠪᠤᠭᠰᠠᠨ ᠣᠷᠣᠯᠭ᠎ᠠ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ ᠲᠣᠷᠭᠠᠵᠤ | ᠬᠤᠷᠢᠶᠠᠭᠰᠠᠨ ᠣᠷᠣᠯᠭ᠎ᠠ᠂ ᠠᠮᠢ ᠠᠬᠤᠶ ᠣᠷᠴᠢᠨ ᠲᠣᠭᠤᠷᠢᠨ ᠢ ᠲᠣᠷᠭᠠᠵᠤ ᠬᠤᠷᠢᠶᠠᠨ ᠠᠪᠤᠭᠰᠠᠨ ᠣᠷᠣᠯᠭ᠎ᠠ᠂ | ᠤᠰᠤᠨ ᠠᠰᠢᠭᠯᠠᠯᠲᠠ ᠶᠢᠨ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ᠵᠡᠷᠭᠡ ᠶᠢ ᠪᠠᠭᠲᠠᠭᠠᠨ᠎ᠠ᠃ ᠲᠣᠷᠭᠠᠵᠤ | ᠬᠤᠷᠢᠶᠠᠭᠰᠠᠨ ᠣᠷᠣᠯᠭ᠎ᠠ ᠶᠢᠨ ᠲᠣᠷᠭᠠᠵᠤ ᠲᠤᠰᠢᠶᠠᠬᠤ ᠶᠢ ᠰᠠᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠤᠷᠢᠶᠠᠵᠤ᠂ ᠳᠤᠷ᠎ᠠ ᠪᠠᠷ ᠢᠶᠠᠨ | ᠬᠤᠷᠢᠶᠠᠵᠤ ᠳᠤᠷ᠎ᠠ ᠪᠠᠷ ᠢᠶᠠᠨ ᠲᠣᠷᠭᠠᠬᠤ ᠪᠠ ᠬᠤᠷᠢᠶᠠᠬᠤ ᠪᠠᠷ ᠰᠢᠢᠳᠬᠡᠬᠦ ᠶᠢ ᠣᠷᠣᠯᠠᠭᠤᠯᠬᠤ ᠮᠥᠷᠲᠡᠭᠡᠨ ᠪᠠᠰᠠ | ᠲᠣᠷᠭᠠᠬᠤ ᠶᠣᠰᠣᠲᠠᠢ ᠶᠢ ᠨᠢ ᠳᠤᠲᠠᠭᠤ ᠲᠣᠷᠭᠠᠵᠤ᠂ ᠲᠣᠷᠭᠠᠬᠤ ᠶᠣᠰᠣᠲᠠᠢ ᠶᠢ ᠨᠢ ᠲᠣᠷᠭᠠᠬᠤ ᠦᠭᠡᠢ ᠪᠠᠶᠢᠬᠤ ᠶᠢ | ᠰᠡᠷᠭᠡᠶᠢᠯᠡᠬᠦ ᠬᠡᠷᠡᠭᠲᠡᠢ᠃ ᠲᠣᠷᠭᠠᠵᠤ ᠬᠤᠷᠢᠶᠠᠬᠤ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ | ᠲᠣᠷᠭᠠᠵᠤ ᠬᠤᠷᠢᠶᠠᠬᠤ ᠡᠳ᠋ ᠬᠥᠷᠥᠩᠭᠡ ᠶᠢ ᠨᠢᠭᠡᠳᠦᠯᠲᠡᠶ ᠬᠠᠮᠢᠶᠠᠷᠬᠤ ᠳᠦᠷᠢᠮ ᠢ ᠲᠣᠭᠲᠠᠭᠠᠵᠤ᠂ ︽ᠬᠡᠨ ᠰᠢᠢᠳᠬᠡᠨ | ᠲᠣᠷᠭᠠᠪᠠᠯ ᠲᠡᠷᠡ ᠰᠢᠢᠳᠪᠦᠷᠢᠯᠡᠬᠦ︾ ᠵᠠᠷᠴᠢᠮ ᠤᠨ ᠶᠣᠰᠣᠭᠠᠷ᠂ ᠰᠢᠢᠳᠬᠡᠨ ᠲᠣᠷᠭᠠᠬᠤ ᠨᠢᠭᠡᠴᠢ ᠠᠴᠠ ᠨᠢᠭᠡᠳᠦᠯᠲᠡᠶ | ᠬᠤᠷᠢᠶᠠᠨ ᠠᠪᠬᠤ᠂ ᠲᠥᠪᠯᠡᠷᠡᠭᠦᠯᠦᠨ ᠬᠠᠮᠢᠶᠠᠷᠬᠤ᠂ ᠴᠠᠭ ᠲᠤᠬᠠᠶ ᠳᠤᠨᠢ ᠦᠨᠡᠯᠡᠨ ᠵᠢᠱᠢᠬᠦ᠂ ᠢᠯᠡ ᠪᠠᠷ | ᠰᠢᠢᠳᠪᠦᠷᠢᠯᠡᠵᠦ᠂ ᠰᠢᠢᠳᠪᠦᠷᠢᠯᠡᠭᠰᠡᠨ ᠣᠷᠣᠯᠭ᠎ᠠ ᠶᠢ ᠴᠠᠭ ᠲᠤᠬᠠᠶ ᠳᠤᠨᠢ ᠤᠯᠤᠰ ᠤᠨ ᠬᠥᠮᠥᠷᠭᠡ ᠳᠤ ᠲᠤᠰᠢᠶᠠᠨ᠎ᠠ᠃ | 4. ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠥᠷᠥᠩᠭᠡ︶ ᠤᠨ ᠲᠥᠯᠥᠪᠥᠷᠢᠲᠡᠶ ᠬᠡᠷᠡᠭᠯᠡᠬᠦ | ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠥᠯᠥᠪᠦᠷᠢ ᠲᠠᠢ ᠬᠡᠷᠡᠭᠯᠡᠭᠰᠡᠨ ᠤ ᠣᠷᠣᠯᠭ᠎ᠠ ᠳᠤ ᠭᠤᠤᠯᠳᠠᠭᠤ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ | ᠡᠷᠬᠡ ᠶᠢ ᠬᠡᠷᠡᠭᠯᠡᠬᠦ ᠰᠦᠢᠳᠬᠡᠯ ᠤᠨ ᠣᠷᠣᠯᠭ᠎ᠠ᠂ ᠲᠠᠯᠠᠪᠤᠷ ᠭᠠᠵᠠᠷ ᠪᠠ ᠠᠭᠤᠷᠬᠠᠶ ᠶᠢᠨ ᠲᠣᠭᠤᠷᠢᠭ ᠤᠨ ᠬᠡᠷᠡᠭᠯᠡᠬᠦ | ᠰᠦᠢᠳᠬᠡᠯ ᠤᠨ ᠣᠷᠣᠯᠭ᠎ᠠ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ᠂ | ᠤᠰᠤᠨ ᠤ ᠡᠬᠢ ᠪᠠᠶᠠᠯᠢᠭ ᠤᠨ ᠵᠠᠷᠤᠳᠠᠯ ᠤᠨ ᠣᠷᠣᠯᠭ᠎ᠠ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠶ ᠶᠢ ᠲᠥᠯᠥᠪᠦᠷᠢ ᠲᠠᠢ ᠬᠡᠷᠡᠭᠯᠡᠬᠦ ᠵᠠᠷᠤᠳᠠᠯ ᠵᠡᠷᠭᠡ ᠪᠠᠭᠲᠠᠨ᠎ᠠ᠃ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯᠲᠦ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠭᠰᠡᠨ ᠤ | ᠣᠷᠣᠯᠭ᠎ᠠ ᠲᠠᠲᠠᠪᠤᠷᠢᠯᠠᠬᠤ ᠶᠢ ᠴᠢᠩᠭᠠᠳᠬᠠᠨ᠂ ᠪᠡᠯᠡ ᠣᠷᠣᠭᠤᠯᠤᠯᠲᠠ ᠶᠢᠨ ᠲᠠᠪᠴᠠᠩ ᠤᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠪᠡᠯᠡ ᠮᠥᠩᠭᠦ ᠶᠢᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ | ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠪᠣᠯᠤᠨ ᠳᠠᠯᠳᠠ ᠡᠳ᠋ ᠬᠥᠷᠥᠩᠭᠡ ᠶᠢ ᠲᠦᠷᠢᠶᠡᠰᠦᠯᠡᠭᠦᠯᠬᠦ᠂ | ᠬᠤᠳᠠᠯᠳᠤᠬᠤ᠂ ᠵᠢᠭᠡᠯᠡᠭᠦᠯᠬᠦ᠂ ᠰᠢᠯᠵᠢᠭᠦᠯᠦᠨ ᠥᠭᠬᠦ ᠣᠷᠣᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ | ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠥᠷᠥᠩᠭᠡ︶ ᠤᠨ ᠲᠥᠯᠥᠪᠥᠷᠢᠲᠡᠶ ᠬᠡᠷᠡᠭᠯᠡᠬᠦ ᠣᠷᠣᠯᠭ᠎ᠠ ᠶᠢᠨ | ᠦᠷ᠎ᠡ ᠪᠦᠲᠦᠮᠵᠢ ᠶᠢ ᠦᠨᠡᠨᠬᠦ ᠴᠢᠩᠭᠠᠳᠬᠠᠨ᠎ᠠ᠃ ᠵᠠᠰᠠᠭ ᠤᠨ ᠣᠷᠳᠣᠨ ᠤ ᠣᠨᠴᠠ ᠵᠥᠪᠰᠢᠶᠡᠷᠡᠬᠦ ᠡᠵᠡᠩᠨᠡᠯᠲᠡ ᠶᠢᠨ | ᠡᠷᠬᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠣᠨᠴᠠ ᠵᠥᠪᠰᠢᠶᠡᠷᠡᠬᠦ | ᠡᠵᠡᠩᠨᠡᠯᠲᠡ ᠶᠢᠨ ᠡᠷᠬᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠣᠨᠴᠠ | ᠵᠥᠪᠰᠢᠶᠡᠷᠡᠬᠦ ᠡᠵᠡᠩᠨᠡᠯᠲᠡ ᠶᠢᠨ ᠡᠷᠬᠡ ᠶᠢᠨ ᠣᠷᠣᠯᠭ᠎ᠠ ᠶᠢ ᠡᠷᠬᠡᠪᠰᠢ ᠡᠩ ᠤᠨ ᠣᠯᠠᠨ ᠨᠡᠶᠢᠲᠡ ᠶᠢᠨ ᠲᠥᠰᠦᠪ ᠲᠤ | ᠣᠷᠣᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠣᠭᠲᠠᠭᠠᠯ ᠶᠣᠰᠣᠭᠠᠷ ᠨᠢᠭᠡᠳᠦᠯᠲᠡᠶ ᠲᠥᠯᠥᠪᠯᠡᠨ | ᠬᠡᠷᠡᠭᠯᠡᠨ᠎ᠡ᠃ | 5. ᠵᠠᠰᠠᠭ ᠤᠨ ᠣᠷᠳᠣᠨ ᠤ ᠬᠠᠨᠳᠢᠪᠯᠠᠨ ᠬᠦᠷᠭᠡᠭᠰᠡᠨ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤ ᠬᠠᠨᠳᠢᠪᠯᠠᠨ ᠬᠦᠷᠭᠡᠭᠰᠡᠨ ᠣᠷᠣᠯᠭ᠎ᠠ ᠳᠤ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠨ᠂ | ᠠᠯᠪᠠᠳᠠᠯᠭ᠎ᠠ ᠪᠠᠷ ᠲᠡᠰᠬᠡᠨ ᠨᠣᠭᠳᠠᠭᠤᠯᠵᠤ ᠪᠣᠯᠬᠤ ᠦᠭᠡᠶ᠂ ᠵᠠᠰᠠᠭ ᠤᠨ ᠣᠷᠳᠣᠨ ᠤ ᠨᠡᠷ᠎ᠡ ᠪᠠᠷ ᠬᠦᠯᠢᠶᠡᠨ | ᠠᠪᠤᠭᠰᠠᠨ ᠬᠠᠨᠳᠢᠪᠯᠠᠨ ᠬᠦᠷᠭᠡᠭᠰᠡᠨ ᠣᠷᠣᠯᠭ᠎ᠠ ᠶᠢ ᠠᠯᠪᠠᠲᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠦᠭᠡᠶ ᠠᠵᠢᠯ | ᠦᠢᠯᠡᠰ ᠤᠨ ᠨᠢᠭᠡᠴᠢ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠬᠦ ᠦᠭᠡᠶ | ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠬᠤᠪᠢ ᠬᠥᠮᠦᠨ ᠪᠤᠶᠤ ᠪᠤᠰᠤᠳ ᠠᠷᠠᠳ ᠤᠨ ᠵᠣᠬᠢᠶᠠᠨ | ᠪᠠᠶᠢᠭᠤᠯᠤᠯᠲᠠ ᠳᠤ ᠰᠢᠯᠵᠢᠭᠦᠯᠦᠨ ᠲᠤᠰᠢᠶᠠᠵᠤ ᠬᠠᠮᠢᠶᠠᠷᠠᠭᠤᠯᠵᠤ ᠪᠣᠯᠬᠤ ᠦᠭᠡᠶ᠃ | 6. ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠳᠤ | ᠭᠤᠤᠯᠳᠠᠭᠤ ᠳᠡᠭᠡᠭᠰᠢ ᠲᠤᠰᠢᠶᠠᠬᠤ ᠬᠠᠮᠢᠶᠠᠷᠤᠯᠲᠠ ᠶᠢᠨ ᠵᠠᠷᠤᠳᠠᠯ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠡᠯᠡ ᠮᠥᠩᠭᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢᠨ ᠣᠷᠣᠯᠭ᠎ᠠ᠂ ᠲᠣᠬᠢᠷᠠᠭᠤᠯᠤᠨ ᠪᠠᠶᠢᠭᠤᠯᠬᠤ ᠬᠤᠳᠠᠯᠳᠤᠭᠠᠨ ᠤ ᠪᠡᠯᠡᠳᠬᠡᠮᠵᠢ ᠶᠢᠨ ᠲᠦᠷᠢᠶᠡᠰᠦᠯᠡᠨ | ᠬᠤᠳᠠᠯᠳᠤᠭᠰᠠᠨ ᠣᠷᠣᠯᠭ᠎ᠠ ᠵᠡᠷᠭᠡ ᠪᠠᠭᠲᠠᠨ᠎ᠠ᠃ ᠬᠠᠮᠢᠶᠠᠷᠤᠯᠲᠠ ᠶᠢᠨ ᠵᠠᠷᠤᠳᠠᠯ ᠢ ᠳᠡᠭᠡᠭᠰᠢ ᠲᠤᠰᠢᠶᠠᠵᠤ᠂ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠡᠯᠡ ᠮᠥᠩᠭᠦ ᠶᠢ ᠪᠣᠳᠣᠵᠤ ᠠᠪᠬᠤ ᠳᠠᠭᠠᠨ ︽ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠳᠦᠷᠢᠮ︾ ᠤᠨ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠥᠷᠲᠡᠭ ᠤᠨ ᠠᠰᠢᠭ ᠣᠷᠣᠯᠭ᠎ᠠ ᠶᠢᠨ ᠳᠣᠲᠣᠷ᠎ᠠ ᠠᠴᠠ ᠳᠡᠭᠡᠭᠰᠢ ᠲᠤᠰᠢᠶᠠᠬᠤ | ᠪᠠ ᠪᠣᠳᠣᠵᠤ ᠠᠪᠤᠨ᠎ᠠ︔ | 7. ᠪᠤᠰᠤᠳ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠤᠰᠤᠳ ᠣᠷᠣᠯᠭ᠎ᠠ ᠳᠤ ᠭᠤᠤᠯᠳᠠᠭᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠥᠪᠯᠡᠷᠡᠩᠭᠦᠶ ᠣᠷᠣᠯᠭ᠎ᠠ᠂ ᠭᠠᠶᠢᠯᠢ ᠬᠡᠯᠲᠦᠷᠢᠭᠦᠯᠬᠦ ᠲᠠᠸᠠᠷ ᠤᠨ | ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠵᠠᠷᠤᠳᠠᠯ ᠤᠨ ᠣᠷᠣᠯᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠤᠬᠢᠷᠠᠯ ᠤᠨ ᠲᠥᠯᠥᠪᠦᠷᠢ ᠶᠢᠨ ᠮᠥᠩᠭᠦ ᠵᠡᠷᠭᠡ ᠶᠢ ᠪᠠᠭᠲᠠᠭᠠᠨ᠎ᠠ᠃ ᠪᠤᠰᠤᠳ ᠣᠷᠣᠯᠭ᠎ᠠ ᠨᠡᠮᠡᠵᠦ ᠪᠠᠶᠢᠭᠤᠯᠬᠤ ᠳᠤ | ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠶ᠂ ᠪᠣᠳᠠᠲᠠᠶ ᠲᠥᠷᠥᠯ ᠵᠦᠢᠯ ᠤᠨ ᠨᠡᠷᠡᠶᠢᠳᠦᠯ ᠲᠠᠢ | ᠪᠠᠶᠢᠬᠤ ᠬᠡᠷᠡᠭᠲᠡᠶ᠂ ᠤᠯᠤᠰ ᠤᠨ ᠥᠮᠴᠢᠯᠡᠯᠲᠦ ᠡᠬᠢ ᠪᠠᠶᠠᠯᠢᠭ ᠢ ᠲᠥᠯᠥᠪᠥᠷᠢᠲᠡᠶ ᠬᠡᠷᠡᠭᠯᠡᠭᠰᠡᠨ ᠣᠷᠣᠯᠭ᠎ᠠ᠂ ᠲᠤᠰᠠᠯᠠᠨ | ᠬᠦᠷᠭᠡᠭᠰᠡᠨ ᠣᠷᠣᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ ᠦᠭᠡᠶ ᠣᠷᠣᠯᠭ᠎ᠠ ᠶᠢ ᠪᠤᠰᠤᠳ | ᠣᠷᠣᠯᠭ᠎ᠠ ᠳᠤ ᠣᠷᠣᠭᠤᠯᠵᠤ ᠪᠣᠯᠬᠤ ᠦᠭᠡᠶ᠃ | ︵ᠬᠤᠶᠠᠷ︶ ᠭᠠᠶᠢᠯᠢ ᠶᠢᠨ ᠶᠠᠪᠤᠳᠠᠯ ᠤᠨ ᠰᠢᠯᠵᠢᠭᠦᠯᠦᠨ ᠳᠤᠰᠢᠶᠠᠬᠤ ᠲᠦᠷᠦᠯ ᠵᠦᠢᠯ ᠤᠨ ᠬᠠᠮᠢᠶᠠᠷᠤᠯᠲᠠ ᠶᠢ | ᠴᠢᠩᠭᠠᠳᠬᠠᠨ᠎ᠠ | 1. ᠬᠤᠪᠢᠶᠠᠷᠢᠯᠠᠨ ᠰᠢᠯᠵᠢᠭᠦᠯᠬᠦ ᠠᠷᠭ᠎ᠠ ᠮᠠᠶᠢᠭ ᠢ ᠲᠣᠳᠣᠷᠬᠠᠶᠢᠯᠠᠨ᠎ᠠ᠃ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠣᠰᠣᠭᠠᠷ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠭᠰᠠᠨ ᠭᠠᠶᠢᠯᠢ ᠶᠢᠨ ᠪᠤᠰᠤ ᠲᠥᠷᠥᠯ ᠵᠦᠢᠯ ᠢ | ᠬᠤᠪᠢᠶᠠᠷᠢᠯᠠᠨ ᠰᠢᠯᠵᠢᠭᠦᠯᠬᠦ ᠳᠤ᠂ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠬᠠᠮᠲᠤᠪᠠᠷ ᠵᠥᠪᠳᠡᠯᠴᠡᠨ ᠰᠤᠳᠤᠯᠵᠤ᠂ ᠲᠥᠷᠥᠯ ᠵᠦᠢᠯ ᠨᠢᠭᠡᠪᠦᠷᠢ ᠶᠢᠨ | ᠪᠣᠳᠠᠲᠠᠶ ᠲᠠᠲᠠᠪᠤᠷᠢᠯᠠᠭᠰᠠᠨ ᠪᠠᠶᠢᠳᠠᠯ ᠢ ᠦᠨᠳᠦᠰᠦᠯᠡᠨ᠂ ᠰᠢᠯᠵᠢᠭᠦᠯᠦᠨ ᠲᠤᠰᠢᠶᠠᠬᠤ ᠲᠥᠰᠦᠯ᠂ ᠲᠠᠲᠠᠪᠤᠷᠢᠯᠠᠨ | ᠲᠤᠰᠢᠶᠠᠬᠤ ᠶᠠᠪᠤᠴᠠ᠂ ᠠᠵᠢᠯᠯᠠᠭᠤᠯᠬᠤ ᠨᠠᠷᠢᠨ ᠳᠦᠷᠢᠮ ᠢ ᠨᠢᠭᠡᠳ ᠨᠢᠭᠡ ᠪᠠᠷ ᠲᠣᠭᠲᠠᠭᠠᠨ᠎ᠠ᠃ | 2. ᠲᠠᠲᠠᠪᠤᠷᠢᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠲᠤ ᠰᠢᠯᠵᠢᠭᠦᠯᠦᠨ ᠲᠤᠰᠢᠶᠠᠵᠤ ᠲᠠᠲᠠᠪᠤᠷᠢᠯᠠᠭᠤᠯᠤᠭᠰᠠᠨ ᠭᠠᠶᠢᠯᠢ ᠶᠢᠨ ᠪᠤᠰᠤ ᠲᠥᠷᠥᠯ ᠵᠦᠢᠯ ᠳᠤ ᠵᠥᠪᠬᠡᠨ | ᠬᠥᠮᠥᠷᠭᠡ ᠳᠤ ᠣᠷᠣᠭᠤᠯᠬᠤ ᠠᠷᠭ᠎ᠠ ᠵᠠᠮ ᠤᠨ ᠲᠠᠯ᠎ᠠ ᠪᠠᠷ ᠬᠤᠪᠢᠷᠠᠯᠲᠠ ᠭᠠᠷᠴᠤ᠂ ᠤᠤᠯ ᠤᠨ ᠲᠠᠲᠠᠪᠤᠷᠢᠯᠠᠬᠤ | ᠬᠦᠷᠢᠶ᠎ᠡ ᠬᠡᠪᠴᠢᠶ᠎ᠡ᠂ ᠲᠠᠲᠠᠪᠤᠷᠢᠯᠠᠬᠤ ᠡᠲᠡᠭᠡᠳ᠂ ᠲᠠᠲᠠᠪᠤᠷᠢᠯᠠᠬᠤ ᠪᠠᠷᠢᠮᠵᠢᠶ᠎ᠠ᠂ ᠣᠷᠣᠯᠭ᠎ᠠ ᠶᠢᠨ ᠬᠤᠪᠢᠳᠠᠯ ᠵᠢᠴᠢ | ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠭᠰᠠᠨ ᠦᠭᠡᠶ᠃ ᠡᠯ᠎ᠡ ᠲᠤᠬᠠᠶᠢᠯᠠᠭᠰᠠᠨ ᠠᠵᠢᠯ ᠤᠨ | ᠭᠤᠤᠯᠴᠢᠯᠠᠨ ᠬᠠᠮᠢᠶᠠᠷᠬᠤ ᠨᠢᠭᠡᠴᠢ ᠨᠢ ᠮᠥᠨ ᠬᠦ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠬᠤᠷ᠂ ᠭᠠᠶᠢᠯᠢ ᠶᠢᠨ ᠶᠠᠪᠤᠳᠠᠯ ᠤᠨ ᠰᠢᠯᠵᠢᠭᠦᠯᠦᠨ ᠲᠤᠰᠢᠶᠠᠬᠤ ᠭᠠᠶᠢᠯᠢ ᠶᠢᠨ ᠪᠤᠰᠤ ᠲᠥᠷᠥᠯ ᠵᠦᠢᠯ ᠤᠨ | ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠪᠣᠯ ᠰᠢᠯᠵᠢᠭᠦᠯᠦᠨ ᠲᠤᠰᠢᠶᠠᠬᠤ ᠲᠥᠷᠥᠯ ᠵᠦᠶᠢᠯ ᠢ ᠲᠠᠲᠠᠪᠤᠷᠢᠯᠠᠬᠤ ᠭᠤᠣᠯ ᠴᠣᠭᠴᠠ ᠮᠥᠨ᠂ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠬᠠᠩᠭᠠᠭᠰᠠᠨ ᠰᠦᠢᠳᠭᠡᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠣᠰᠣᠭᠠᠷ᠂ | ᠬᠠᠮᠢᠶ᠎ᠠ ᠪᠦᠬᠦᠢ ᠬᠤᠷᠢᠶᠠᠨ ᠲᠤᠰᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠲᠠᠲᠠᠪᠤᠷᠢᠯᠠᠨ ᠬᠠᠮᠢᠶᠠᠷᠬᠤ ᠲᠥᠷᠥᠯ | ᠵᠦᠢᠯ ᠤᠨ ᠣᠷᠣᠯᠭ᠎ᠠ ᠶᠢ ᠲᠠᠲᠠᠪᠤᠷᠢᠯᠠᠨ ᠬᠤᠷᠢᠶᠠᠵᠤ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠠᠳᠬᠤᠬᠤ | ᠬᠡᠷᠡᠭᠲᠡᠢ᠃ | 3. ᠲᠠᠲᠠᠪᠤᠷᠢᠯᠠᠬᠤ ᠴᠤᠪᠤᠷᠠᠯ ᠢ ᠲᠣᠳᠣᠷᠬᠠᠶᠢᠯᠠᠨ᠎ᠠ᠃ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ | ᠨᠢᠭᠡᠴᠢ ᠨᠢ ᠰᠦᠢᠳᠬᠡᠯ ᠬᠤᠷᠢᠶᠠᠬᠤ ᠶᠢ ᠬᠢᠨᠠᠨ ᠲᠣᠭᠲᠠᠭᠠᠬᠤ ᠶᠢ ᠬᠠᠷᠢᠭᠤᠴᠠᠵᠤ᠂ ︽ᠰᠦᠢᠳᠬᠡᠯ ᠲᠤᠰᠢᠶᠠᠬᠤ | ᠮᠡᠳᠡᠭᠳᠡᠯ ᠤᠨ ᠬᠠᠭᠤᠳᠠᠰᠤ︾ ᠭᠠᠷᠭᠠᠵᠤ᠂ ᠰᠦᠢᠳᠬᠡᠯ ᠲᠤᠰᠢᠶᠠᠬᠤ ᠡᠲᠡᠭᠡᠳ᠂ ᠰᠦᠢᠳᠬᠡᠯ ᠲᠤᠰᠢᠶᠠᠬᠤ ᠪᠠᠷᠢᠮᠵᠢᠶ᠎ᠠ᠂ | ᠰᠦᠢᠳᠬᠡᠯ ᠲᠤᠰᠢᠶᠠᠬᠤ ᠵᠣᠭᠤᠰ ᠤᠨ ᠲᠤᠭ᠎ᠠ᠂ ᠰᠦᠢᠳᠬᠡᠯ ᠲᠤᠰᠢᠶᠠᠬᠤ ᠬᠤᠭᠤᠴᠠᠭ᠎ᠠ ᠶᠢ ᠨᠤᠲᠠᠯᠠᠵᠤ᠂ | ᠣᠷᠣᠯᠭ᠎ᠠ ᠶᠢ ᠰᠢᠮᠳᠠᠭᠤᠯᠤᠨ ᠭᠦᠢᠴᠡᠳᠬᠡᠯᠭᠡᠵᠦ ᠰᠢᠮᠳᠠᠭᠤᠯᠤᠨ ᠬᠤᠷᠢᠶᠠᠬᠤ ᠶᠢ ᠰᠠᠶᠢᠲᠤᠷ ᠬᠢᠨ᠎ᠠ︔ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠵᠦ ᠲᠠᠲᠠᠪᠤᠷᠢᠯᠠᠬᠤ᠂ ᠣᠷᠣᠯᠭ᠎ᠠ ᠶᠢ ᠬᠥᠮᠥᠷᠭᠡ ᠳᠤ | ᠲᠤᠰᠢᠶᠠᠬᠤ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ ᠵᠡᠷᠭᠡ ᠠᠵᠢᠯ ᠢ ᠬᠠᠷᠢᠭᠤᠴᠠᠨ᠎ᠠ᠃ | 4. ᠠᠵᠢᠯ ᠬᠤᠪᠢᠶᠠᠷᠢᠯᠠᠨ ᠬᠠᠮᠵᠢᠯᠴᠠᠬᠤ ᠶᠢ ᠲᠣᠳᠣᠷᠬᠠᠶᠢᠯᠠᠨ᠎ᠠ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ | ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠨᠢᠭᠡᠴᠢ ᠨᠦᠭᠦᠳ ᠨᠡᠪᠲᠡᠷᠡᠯᠴᠡᠨ ᠵᠣᠬᠢᠴᠠᠭᠤᠯᠬᠤ ᠪᠠᠨ | ᠴᠢᠩᠭᠠᠳᠬᠠᠵᠤ᠂ ᠭᠠᠶᠢᠯᠢ ᠶᠢᠨ ᠪᠤᠰᠤ ᠲᠥᠷᠥᠯ ᠵᠦᠢᠯ ᠤᠨ ᠣᠷᠣᠯᠭ᠎ᠠ ᠶᠢ ᠰᠢᠯᠵᠢᠭᠦᠯᠦᠨ ᠲᠤᠰᠢᠶᠠᠬᠤ | ᠲᠠᠲᠠᠪᠤᠷᠢᠯᠠᠯᠲᠠ ᠬᠠᠮᠢᠶᠠᠷᠤᠯᠲᠠ ᠶᠢᠨ ᠠᠵᠢᠯ ᠢ ᠬᠠᠮᠲᠤᠪᠠᠷ ᠠᠬᠢᠭᠤᠯᠵᠤ᠂ ᠰᠠᠷ᠎ᠠ ᠪᠦᠷᠢ ᠳᠠᠩᠰᠠ ᠬᠠᠷᠭᠤᠭᠤᠯᠬᠤ ᠪᠠ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠠᠲᠠᠪᠤᠷᠢᠯᠠᠬᠤ ᠶᠠᠪᠤᠴᠠ ᠳᠤ | ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠪᠡᠯᠡ ᠮᠥᠩᠭᠦ ᠶᠢ ᠤᠯᠤᠰ ᠤᠨ ᠬᠥᠮᠥᠷᠭᠡ ᠳᠤ | ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠤᠰᠢᠶᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠭᠠᠶᠢᠯᠢ ᠶᠢᠨ ᠪᠣᠰᠤ ᠣᠷᠤᠯᠭ᠎ᠠ ᠶᠢ ᠬᠥᠮᠥᠷᠭᠡ ᠲᠤ ᠣᠷᠤᠭᠤᠯᠬᠤ ᠬᠠᠮᠢᠶᠠᠷᠤᠯᠲᠠ ᠶᠢ | ᠴᠢᠩᠭᠠᠳᠬᠠᠨ᠎ᠠ | 1. ᠭᠠᠶᠢᠯᠢ ᠶᠢᠨ ᠪᠤᠰᠤ ᠣᠷᠣᠯᠭ᠎ᠠ ᠶᠢ ᠲᠤᠰᠢᠶᠠᠬᠤ ᠠᠷᠭ᠎ᠠ ᠮᠠᠶ᠋ᠢᠭ ᠢ ᠵᠢᠷᠤᠮᠵᠢᠭᠤᠯᠤᠨ᠎ᠠ | ︵1︶ ᠺᠣᠮᠫᠢᠦ᠋ᠲ᠋ᠧᠷ ᠢᠶᠠᠷ ᠬᠥᠮᠥᠷᠭᠡ ᠳᠤ ᠲᠤᠰᠢᠶᠠᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ᠂ 2023 ᠣᠨ ᠠᠴᠠ ᠡᠬᠢᠯᠡᠨ᠂ ᠵᠠᠷᠴᠢᠮ ᠳᠡᠭᠡᠷ᠎ᠡ ᠪᠠᠨ ᠴᠠᠭᠠᠰᠤᠨ ᠵᠣᠭᠤᠰ | ᠲᠤᠰᠢᠶᠠᠬᠤ ᠭᠡᠷᠡᠴᠢ ᠪᠠᠷᠢᠮᠲᠠ ᠶᠢ ᠲᠤᠬᠠᠶ ᠶᠢᠨ ᠭᠠᠵᠠᠷ ᠲᠤᠨᠢ ᠬᠦᠴᠦᠨ ᠥᠬᠡᠶ ᠪᠣᠯᠭᠠᠵᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠪᠣᠯᠤᠨ ᠭᠦᠢᠴᠡᠳᠭᠡᠨ ᠬᠤᠷᠢᠶᠠᠬᠤ ᠨᠢᠭᠡᠴᠢ ᠶᠢᠨ ᠭᠠᠷᠲᠠᠨ ᠭᠦᠢᠴᠡᠳᠭᠡᠬᠦ ᠭᠠᠶᠢᠯᠢ ᠶᠢᠨ ᠪᠤᠰᠤ | ᠣᠷᠣᠯᠭ᠎ᠠ ᠶᠢ ᠲᠤᠰᠢᠶᠠᠬᠤ ᠲᠤᠬᠠᠶᠢᠯᠠᠭᠰᠠᠨ ᠠᠵᠢᠯ ᠢ ᠪᠦᠬᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠭᠦᠢᠴᠡᠳᠬᠡᠵᠦ᠂ | ᠳᠠᠷᠠᠭ᠎ᠠ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠥᠮᠥᠷᠭᠡ ᠳᠤ ᠲᠤᠰᠢᠶᠠᠨ᠎ᠠ᠃ | ︵2︶ ᠲᠣᠭᠲᠠᠭᠠᠭᠰᠠᠨ ᠳᠡᠰ ᠳᠠᠷᠠᠭᠠᠯᠠᠯ ᠵᠢᠴᠢ ᠠᠷᠭ᠎ᠠ ᠬᠡᠯᠪᠡᠷᠢ ᠪᠠᠷ ᠵᠣᠭᠤᠰ ᠲᠤᠰᠢᠶᠠᠨ᠎ᠠ᠃ ᠡᠯ᠎ᠡ | ᠭᠦᠢᠴᠡᠳᠭᠡᠨ ᠬᠤᠷᠢᠶᠠᠬᠤ ᠨᠢᠭᠡᠴᠢ ᠨᠦᠭᠦᠳ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ | ᠬᠡᠷᠡᠭᠯᠡᠨ ᠬᠤᠷᠢᠶᠠᠵᠤ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠭᠠᠶᠢᠯᠢ ᠶᠢᠨ ᠪᠤᠰᠤ | ᠣᠷᠣᠯᠭ᠎ᠠ ᠶᠢ ᠬᠤᠷᠢᠶᠠᠵᠤ ᠲᠤᠰᠢᠶᠠᠬᠤ ᠡᠯᠧᠺᠲᠷᠣᠨᠵᠢᠭᠤᠯᠬᠤ ᠴᠤᠪᠤᠷᠠᠯ ᠢ ᠴᠢᠩᠭ᠎ᠠ ᠬᠡᠷᠡᠭᠵᠢᠭᠦᠯᠵᠦ᠂ ᠭᠠᠶᠢᠯᠢ ᠶᠢᠨ | ᠪᠤᠰᠤ ᠣᠷᠣᠯᠭ᠎ᠠ ᠶᠢᠨ ᠲᠤᠰᠬᠠᠶ ᠡᠷᠦᠬᠡ ᠶᠢᠨ ᠮᠡᠳᠡᠭᠡ ᠵᠠᠩᠭᠢ ᠶᠢ ᠵᠣᠭᠤᠰ ᠲᠤᠰᠢᠶᠠᠭᠴᠢ ᠳᠤ ᠰᠢᠭᠤᠳ ᠮᠡᠳᠡᠭᠳᠡᠵᠦ᠂ | ᠵᠣᠭᠤᠰ ᠲᠤᠰᠢᠶᠠᠭᠴᠢ ᠠᠴᠠ ᠰᠢᠭᠤᠳ ᠲᠤᠰᠬᠠᠶ ᠡᠷᠦᠬᠡ ᠳᠤ ᠲᠠᠩᠰᠠ ᠰᠢᠯᠵᠢᠭᠦᠯᠦᠨ ᠲᠦᠷ ᠬᠠᠳᠠᠭᠠᠯᠠᠬᠤ ᠶᠢ ᠪᠣᠶ | ᠪᠣᠯᠭᠠᠨ᠎ᠠ︔ ᠪᠠᠶᠢᠴᠠᠭᠠᠨ ᠯᠠᠪᠯᠠᠬᠤ ᠠᠷᠭ᠎ᠠ ᠮᠠᠶ᠋ᠢᠭ ᠢᠶᠠᠷ ᠭᠤᠣᠯ ᠪᠣᠯᠭᠠᠵᠤ᠂ ᠬᠦᠷᠭᠡᠬᠦ᠂ ᠬᠡᠶᠢᠰᠪᠦᠷᠢ ᠳᠠᠩᠰᠠ᠂ | ᠬᠤᠪᠢᠶᠠᠷᠢᠯᠠᠨ ᠲᠤᠰᠢᠶᠠᠬᠤ᠂ ᠰᠦᠯᠵᠢᠶᠡᠨ ᠳᠡᠭᠡᠷ᠎ᠡ ᠵᠣᠭᠤᠰ ᠲᠤᠰᠢᠶᠠᠬᠤ ᠲᠠᠪᠴᠠᠩ ᠵᠡᠷᠭᠡ ᠵᠣᠭᠤᠰ ᠲᠤᠰᠢᠶᠠᠬᠤ | ᠠᠷᠭ᠎ᠠ ᠮᠠᠶ᠋ᠢᠭ ᠢᠶᠠᠷ ᠬᠠᠪᠰᠤᠷᠤᠮᠵᠢ ᠪᠣᠯᠭᠠᠵᠤ᠂ ᠵᠣᠭᠤᠰ ᠲᠤᠰᠢᠶᠠᠬᠤ ᠪᠤᠰᠤᠳ ᠠᠷᠭ᠎ᠠ ᠮᠠᠶ᠋ᠢᠭ ᠢ ᠳᠤᠷ᠎ᠠ ᠪᠠᠷ ᠢᠶᠠᠨ | ᠨᠡᠭᠡᠭᠡᠵᠦ ᠪᠣᠯᠬᠤ ᠦᠭᠡᠢ᠃ | ︵3︶ ᠬᠤᠷᠢᠶᠠᠵᠤ ᠠᠪᠬᠤ ᠲᠣᠭᠲᠠᠭᠠᠯ ᠢ ᠴᠢᠩᠭ᠋᠎ᠠ ᠬᠡᠷᠡᠭᠵᠢᠭᠦᠯᠦᠨ᠎ᠡ᠃ ᠭᠦᠢᠴᠡᠳᠭᠡᠨ ᠬᠤᠷᠢᠶᠠᠬᠤ ᠨᠢᠭᠡᠴᠢ | ᠲᠣᠭᠲᠠᠭᠠᠯ ᠠᠴᠠ ᠵᠥᠷᠢᠴᠡᠨ ᠢᠯᠡᠭᠦᠦ ᠲᠠᠲᠠᠪᠤᠷᠢᠯᠠᠬᠤ᠂ ᠤᠷᠢᠳᠴᠢᠯᠠᠨ ᠲᠠᠲᠠᠪᠤᠷᠢᠯᠠᠬᠤ ᠪᠤᠶᠤ ᠬᠠᠰᠤᠵᠤ | ᠲᠠᠲᠠᠪᠤᠷᠢᠯᠠᠬᠤ᠂ ᠬᠡᠯᠲᠦᠷᠢᠭᠦᠯᠵᠦ᠂ ᠬᠤᠶᠢᠰᠢᠯᠠᠭᠤᠯᠵᠤ ᠪᠣᠯᠬᠤ ᠦᠭᠡᠶ᠃ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢᠨ ᠭᠦᠢᠴᠡᠳᠬᠡᠯᠲᠡ ᠶᠢᠨ ᠬᠠᠮᠢᠶᠠᠷᠤᠯᠲᠠ ᠪᠣᠯᠤᠨ ᠬᠢᠨᠠᠯᠲᠠ | ᠲᠠᠯᠪᠢᠯᠲᠠ ᠪᠠᠨ ᠴᠢᠩᠭᠠᠳᠬᠠᠵᠤ᠂ ᠭᠦᠢᠴᠡᠳᠬᠡᠨ ᠬᠤᠷᠢᠶᠠᠬᠤ ᠨᠢᠭᠡᠴᠢ ᠳᠤ ᠭᠠᠶᠢᠯᠢ ᠶᠢᠨ ᠪᠤᠰᠤ ᠣᠷᠣᠯᠭ᠎ᠠ ᠶᠢᠨ | ᠭᠦᠢᠴᠡᠳᠬᠡᠬᠦ ᠲᠤᠭ᠎ᠠ ᠪᠠᠭᠤᠯᠭᠠᠵᠤ ᠪᠣᠯᠬᠤ ᠦᠭᠡᠶ᠃ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ | ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ | ᠲᠤᠰᠢᠶᠠᠬᠤ ᠬᠡᠷᠡᠭᠲᠡᠶ᠂ ᠶᠠᠮᠠᠷᠪᠠ ᠰᠠᠯᠠᠭ᠎ᠠ ᠮᠥᠴᠢᠷ᠂ ᠨᠢᠭᠡᠴᠢ ᠪᠣᠯᠤᠨ ᠬᠤᠪᠢ ᠬᠥᠮᠦᠨ ᠳᠤᠮᠳᠠ ᠠᠴᠠ ᠨᠢ ᠲᠠᠰᠤᠳᠠᠨ | ᠦᠯᠡᠳᠡᠭᠡᠵᠦ᠂ ᠡᠵᠡᠯᠡᠵᠦ ᠬᠡᠷᠡᠭᠯᠡᠵᠦ᠂ ᠨᠡᠭᠦᠯᠭᠡᠨ ᠬᠡᠷᠡᠭᠯᠡᠵᠦ᠂ ᠥᠷᠢᠲᠦᠵᠦ ᠪᠣᠯᠬᠤ ᠦᠭᠡᠶ᠃ | 2. ᠭᠠᠶᠢᠯᠢ ᠶᠢᠨ ᠪᠤᠰᠤ ᠣᠷᠣᠯᠭ᠎ᠠ ᠶᠢᠨ ᠳᠠᠩᠰᠠᠨ ᠡᠷᠦᠬᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ | ︵1︶ ᠳᠤᠷ᠎ᠠ ᠪᠠᠷ ᠢᠶᠠᠨ ᠳᠠᠩᠰᠠ ᠡᠷᠦᠬᠡ ᠨᠡᠮᠡᠭᠳᠡᠭᠦᠯᠵᠦ ᠪᠣᠯᠬᠤ ᠦᠭᠡᠢ᠃ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠵᠠᠷᠴᠢᠮ ᠳᠡᠭᠡᠷ᠎ᠡ ᠪᠠᠨ ᠭᠠᠶᠢᠯᠢ ᠶᠢᠨ ᠪᠤᠰᠤ ᠣᠷᠣᠯᠭ᠎ᠠ ᠶᠢᠨ ᠲᠤᠰᠬᠠᠶ ᠡᠷᠦᠬᠡ ᠶᠢ | ᠳᠠᠬᠢᠵᠤ ᠰᠢᠨ᠎ᠡ ᠪᠠᠷ ᠨᠡᠮᠡᠭᠳᠡᠭᠦᠯᠬᠦ ᠦᠭᠡᠶ᠂ ᠠᠳᠠᠯᠢ ᠨᠢᠭᠡᠨ ᠣᠷᠣᠯᠠᠬᠤ ᠪᠠᠩᠬᠢ ᠳᠤ ᠵᠥᠪᠬᠡᠨ ᠨᠢᠭᠡ ᠯᠡ ᠭᠠᠶᠢᠯᠢ ᠶᠢᠨ | ᠪᠤᠰᠤ ᠣᠷᠣᠯᠭ᠎ᠠ ᠶᠢᠨ ᠲᠤᠰᠬᠠᠶ ᠳᠠᠩᠰᠠ ᠪᠠᠶᠢᠭᠤᠯᠤᠨ᠎ᠠ᠃ | ︵2︶ ᠳᠠᠩᠰᠠᠨ ᠡᠷᠦᠬᠡ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃ ᠭᠠᠶᠢᠯᠢ ᠶᠢᠨ ᠪᠤᠰᠤ ᠣᠷᠣᠯᠭ᠎ᠠ ᠶᠢᠨ | ᠲᠤᠰᠬᠠᠶ ᠡᠷᠦᠬᠡ ᠳᠤ ᠲᠣᠭᠠᠴᠠᠭ᠎ᠠ ᠬᠢᠬᠦ ᠪᠠᠷ ᠪᠠᠶᠢᠭ᠎ᠠ ᠬᠥᠮᠥᠷᠭᠡ ᠶᠢᠨ ᠭᠠᠶᠢᠯᠢ ᠶᠢᠨ ᠪᠤᠰᠤ ᠣᠷᠣᠯᠭ᠎ᠠ ᠪᠣᠯᠤᠨ | ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠪᠠᠷ ᠯᠠᠪᠯᠠᠯᠲᠠ ᠪᠣᠯᠭᠠᠵᠤ ᠪᠠᠶᠢᠭ᠎ᠠ ᠰᠤᠷᠭᠠᠨ ᠬᠥᠮᠦᠵᠢᠯ ᠤᠨ | ᠰᠦᠢᠳᠬᠡᠯ ᠬᠤᠷᠢᠶᠠᠬᠤ ᠶᠢ ᠭᠠᠷᠭᠠᠪᠠᠯ᠂ ᠪᠤᠰᠤᠳ ᠲᠥᠷᠥᠯ ᠬᠡᠯᠪᠡᠷᠢ ᠶᠢᠨ ᠪᠡᠯᠡ ᠮᠥᠩᠭᠦ ᠳᠤ ᠲᠣᠭᠠᠴᠠᠭ᠎ᠠ ᠬᠢᠵᠦ | ᠪᠣᠯᠬᠤ ᠦᠭᠡᠶ᠃ | 3. ᠭᠠᠶᠢᠯᠢ ᠶᠢᠨ ᠪᠤᠰᠤ ᠣᠷᠣᠯᠭ᠎ᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ | ︵1︶ ᠴᠠᠭ ᠲᠤᠬᠠᠢ ᠳᠤ ᠨᠢ ᠬᠥᠮᠥᠷᠭᠡ ᠳᠤ ᠲᠤᠰᠢᠶᠠᠬᠤ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠪᠣᠯᠤᠨ ᠭᠦᠢᠴᠡᠳᠭᠡᠨ ᠬᠤᠷᠢᠶᠠᠬᠤ ᠨᠢᠭᠡᠴᠢ ᠶᠢᠨ ᠭᠠᠶᠢᠯᠢ ᠶᠢᠨ ᠪᠤᠰᠤ ᠣᠷᠣᠯᠭ᠎ᠠ ᠶᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠪᠤᠶᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ | ᠲᠣᠭᠲᠠᠭᠠᠭᠰᠠᠨ ᠣᠷᠣᠯᠭ᠎ᠠ ᠶᠢᠨ ᠬᠠᠷᠢᠶᠠᠯᠠᠭᠳᠠᠬᠤ ᠪᠠ ᠬᠥᠮᠥᠷᠭᠡ ᠳᠤ ᠲᠤᠰᠢᠶᠠᠬᠤ ᠱᠠᠭᠠᠷᠳᠠᠯᠭ᠎ᠠ ᠶᠢ ᠦᠨᠳᠦᠰᠦᠯᠡᠨ᠂ | ᠵᠣᠬᠢᠴᠠᠩᠭᠤᠶ ᠪᠦᠬᠦᠢ ᠱᠠᠲᠤᠨ ᠤ ᠳᠡᠳ᠋ ᠤᠯᠤᠰ ᠤᠨ ᠬᠥᠮᠥᠷᠭᠡ ᠳᠤ ᠲᠤᠰᠢᠶᠠᠨ ᠣᠷᠣᠭᠤᠯᠬᠤ ᠬᠡᠷᠡᠭᠲᠡᠶ᠂ ᠨᠢᠭᠤᠨ | ᠳᠠᠯᠳᠠᠯᠠᠵᠤ᠂ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ᠂ ᠥᠷᠢᠲᠦᠬᠦ ᠪᠠ ᠰᠠᠭᠤᠳᠬᠠᠵᠤ ᠪᠣᠯᠬᠤ ᠦᠭᠡᠶ᠂ | ᠭᠠᠶᠢᠯᠢ ᠶᠢᠨ ᠪᠤᠰᠤ ᠣᠷᠣᠯᠭ᠎ᠠ ᠶᠢᠨ ᠪᠡᠯᠡ ᠮᠥᠩᠭᠦ ᠶᠢ ᠠᠰᠢᠭᠯᠠᠨ ᠡᠳ᠋ ᠤᠨ ᠵᠠᠰᠠᠭ ᠤᠨ ᠣᠷᠣᠯᠭ᠎ᠠ ᠶᠢ | ᠲᠣᠬᠢᠷᠠᠭᠤᠯᠵᠤ ᠪᠣᠯᠬᠤ ᠦᠭᠡᠶ᠃ | ︵2︶ ᠭᠠᠶᠢᠯᠢ ᠶᠢᠨ ᠪᠤᠰᠤ ᠣᠷᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠳᠠᠭᠠᠯᠠᠵᠤ ᠪᠣᠯᠬᠤ ᠦᠭᠡᠢ᠃ | ᠡᠳ᠋ ᠤᠨ ᠵᠠᠰᠠᠭ ᠤᠨ ᠭᠠᠶᠢᠯᠢ ᠶᠢᠨ ᠪᠤᠰᠤ ᠣᠷᠣᠯᠭ᠎ᠠ ᠶᠢᠨ ᠲᠤᠰᠬᠠᠶ ᠡᠷᠦᠬᠡ ᠶᠢᠨ ᠪᠡᠯᠡ ᠮᠥᠩᠭᠦ ᠶᠢ ᠴᠤᠭᠯᠠᠭᠤᠯᠤᠨ | ᠨᠡᠶᠢᠯᠡᠭᠦᠯᠬᠦ ᠪᠤᠶᠤ ᠰᠢᠯᠵᠢᠭᠦᠯᠦᠨ ᠭᠠᠷᠭᠠᠵᠤ ᠳᠠᠩᠰᠠ ᠨᠡᠭᠡᠭᠡᠬᠦ ᠪᠠᠩᠬᠢ ᠠᠴᠠ ᠲᠣᠭᠲᠠᠮᠠᠯ ᠬᠤᠭᠤᠴᠠᠭ᠎ᠠ ᠲᠠᠢ ᠪᠠᠷ | ᠬᠠᠳᠠᠭᠠᠯᠠᠬᠤ ᠬᠡᠷᠡᠭᠲᠡᠶ᠃ ᠭᠠᠶᠢᠯᠢ ᠶᠢᠨ ᠪᠤᠰᠤ ᠣᠷᠣᠯᠭ᠎ᠠ ᠶᠢ ᠡᠳ᠋ ᠤᠨ ᠵᠠᠰᠠᠭ ᠤᠨ ᠲᠤᠰᠬᠠᠢ ᠳᠠᠩᠰᠠ ᠪᠤᠶᠤ | ᠤᠯᠤᠰ ᠤᠨ ᠰᠠᠩ ᠳᠤ ᠰᠢᠭᠤᠳ ᠲᠤᠰᠢᠶᠠᠬᠤ ᠬᠡᠷᠡᠭᠲᠡᠢ᠃ ᠭᠠᠶᠢᠯᠢ ᠶᠢᠨ ᠪᠤᠰᠤ ᠣᠷᠣᠯᠭ᠎ᠠ ᠶᠢ ᠬᠤᠪᠢᠳᠠᠬᠤ ᠳᠤ᠂ | ᠠᠵᠢᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠴᠠᠯᠳᠤᠭᠤᠯᠬᠤ ᠵᠠᠷᠴᠢᠮ ᠤᠨ ᠶᠣᠰᠣᠭᠠᠷ | ᠬᠤᠪᠢᠳᠠᠬᠤ ᠬᠠᠷᠢᠴᠠᠯ ᠢ ᠲᠣᠭᠲᠠᠭᠠᠨ᠎ᠠ᠃ | ︵3︶ ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ | ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ ᠶᠢ ᠰᠢᠨᠵᠢ ᠴᠢᠨᠠᠷ ᠢ ᠨᠢ | ᠦᠨᠳᠦᠰᠦᠯᠡᠨ᠂ ᠲᠤᠰ ᠲᠤᠰ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ | ᠰᠠᠭᠤᠷᠢ ᠮᠥᠩᠭᠦ ᠶᠢᠨ ᠲᠥᠰᠦᠪ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠬᠠᠮᠢᠶᠠᠷᠤᠯᠲᠠ ᠳᠤ ᠣᠷᠣᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠭᠲᠠᠭᠠᠯ | ᠶᠣᠰᠣᠭᠠᠷ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ | ᠣᠷᠣᠯᠭ᠎ᠠ ᠣᠯᠬᠤ ᠪᠠ ᠡᠩ ᠤᠨ ᠣᠯᠠᠨ ᠨᠡᠶᠢᠲᠡ ᠶᠢᠨ ᠲᠥᠰᠦᠪ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠬᠡᠷᠡᠭᠯᠡᠬᠦ ᠶᠢ ᠴᠢᠩᠭᠠᠳᠬᠠᠵᠤ᠂ ᠲᠥᠰᠦᠪ ᠤᠨ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵4︶ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ᠃ ᠨᠢᠭᠡᠨᠲᠡ ᠡᠳ᠋ ᠤᠨ ᠵᠠᠰᠠᠭ ᠲᠤ ᠲᠤᠰᠢᠶᠠᠭᠰᠠᠨ | ᠭᠠᠶᠢᠯᠢ ᠶᠢᠨ ᠪᠤᠰᠤ ᠣᠷᠣᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠴᠠᠭᠠᠵᠤ ᠥᠭᠬᠦ ᠴᠢᠬᠤᠯᠠ ᠲᠠᠢ | ᠪᠣᠯ ᠵᠣᠭᠤᠰ ᠲᠤᠰᠢᠶᠠᠭᠴᠢ ᠨᠢ ᠭᠦᠢᠴᠡᠳᠬᠡᠨ ᠬᠤᠷᠢᠶᠠᠬᠤ ᠨᠢᠭᠡᠴᠢ ᠳᠤ ᠭᠤᠶᠤᠴᠢᠯᠠᠯ ᠭᠠᠷᠭᠠᠵᠤ᠂ ᠭᠦᠢᠴᠡᠳᠬᠡᠨ | ᠬᠤᠷᠢᠶᠠᠬᠤ ᠨᠢᠭᠡᠴᠢ ᠨᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠦᠨ ᠬᠢᠨᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠶᠢᠨ | ᠤᠯᠤᠰ ᠤᠨ ᠬᠥᠮᠥᠷᠭᠡ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠶᠢᠨ ᠪᠤᠰᠤ ᠣᠷᠣᠯᠭ᠎ᠠ ᠶᠢ | ᠪᠤᠴᠠᠭᠠᠵᠤ ᠥᠭᠬᠦ ᠭᠠᠷᠳᠠᠮ ᠭᠦᠢᠴᠡᠳᠬᠡᠵᠦ ᠪᠣᠯᠤᠨ᠎ᠠ᠃ | 4 . ᠭᠠᠶᠢᠯᠢ ᠶᠢᠨ ᠪᠤᠰᠤ ᠤᠷᠤᠯᠭ᠎ᠠ ᠶᠢ ᠬᠤᠳᠠᠯ ᠢᠶᠠᠷ ᠨᠡᠮᠡᠭᠲᠡᠭᠦᠯᠭᠦ ᠶᠢ ᠴᠢᠩᠭ᠎ᠠ ᠬᠤᠷᠢᠭᠯᠠᠨ᠎ᠠ | ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠡᠪᠴᠢᠶ᠎ᠡ ᠶᠢ | ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠡᠷᠬᠡᠪᠰᠢ ᠬᠠᠤᠯᠢ ᠲᠣᠭᠲᠠᠭᠠᠯ ᠶᠣᠰᠣᠭᠠᠷ ᠭᠠᠶᠢᠯᠢ ᠶᠢᠨ ᠪᠤᠰᠤ | ᠣᠷᠣᠯᠭ᠎ᠠ ᠶᠢ ᠵᠣᠬᠢᠶᠠᠨ ᠪᠠᠶᠢᠭᠤᠯᠤᠨ᠎ᠠ᠃ ᠤᠷᠢᠳᠴᠢᠯᠠᠨ ᠲᠠᠲᠠᠪᠤᠷᠢᠯᠠᠬᠤ ᠵᠡᠷᠭᠡ ᠠᠷᠭ᠎ᠠ ᠪᠠᠷᠢᠯ ᠢᠶᠠᠷ | ᠬᠤᠶᠢᠰᠢᠳᠠ ᠶᠢᠨ ᠵᠢᠯ ᠤᠨ ᠭᠠᠶᠢᠯᠢ ᠶᠢᠨ ᠪᠤᠰᠤ ᠣᠷᠣᠯᠭ᠎ᠠ ᠶᠢ ᠲᠤᠰ ᠵᠢᠯ ᠤᠨ ᠭᠠᠶᠢᠯᠢ ᠲᠠᠲᠠᠪᠤᠷᠢᠯᠠᠬᠤ ᠥᠬᠡᠶ ᠪᠠ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠲᠠᠲᠠᠪᠤᠷᠢᠯᠠᠬᠤ ᠶᠢ ᠴᠢᠩᠭ᠎ᠠ ᠬᠤᠷᠢᠭᠯᠠᠵᠤ᠂ ᠰᠦᠢᠳᠬᠡᠯ | ᠬᠤᠷᠢᠶᠠᠬᠤ ᠲᠥᠷᠥᠯ ᠵᠦᠢᠯ ᠢ ᠳᠤᠷ᠎ᠠ ᠪᠠᠷ ᠢᠶᠠᠨ ᠲᠣᠭᠲᠠᠭᠠᠬᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ᠂ ᠲᠠᠲᠠᠪᠤᠷᠢᠯᠠᠬᠤ ᠶᠢ ᠴᠢᠩᠭ᠎ᠠ ᠬᠤᠷᠢᠭᠯᠠᠵᠤ᠂ ᠲᠣᠭᠲᠠᠭᠠᠯ ᠳᠤ ᠨᠡᠶᠢᠴᠡᠬᠦ ᠪᠤᠴᠠᠭᠠᠪᠠᠰᠤ ᠵᠣᠬᠢᠬᠤ | ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠢ ᠪᠤᠴᠠᠭᠠᠬᠤ ᠦᠭᠡᠢ᠂ ᠳᠤᠲᠠᠭᠤ ᠪᠤᠴᠠᠭᠠᠬᠤ ᠪᠤᠶᠤ ᠴᠠᠭ | ᠲᠤᠬᠠᠶ ᠳᠤᠨᠢ ᠪᠤᠴᠠᠭᠠᠵᠤ ᠥᠭᠬᠦ ᠦᠭᠡᠢ ᠪᠠᠶᠢᠬᠤ ᠶᠢ ᠴᠢᠩᠭ᠎ᠠ ᠬᠤᠷᠢᠭᠯᠠᠨ᠎ᠠ︔ ᠡᠳ᠋ ᠤᠨ ᠵᠠᠰᠠᠭ ᠤᠨ ᠵᠣᠭᠤᠰ | ᠵᠢᠭᠡᠯᠡᠬᠦ ᠶᠢ ᠴᠢᠩᠭ᠎ᠠ ᠬᠤᠷᠢᠭᠯᠠᠵᠤ᠂ ᠳᠠᠬᠢᠵᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠭᠠᠶᠢᠯᠢ ᠶᠢᠨ | ᠪᠤᠰᠤ ᠣᠷᠣᠯᠭ᠎ᠠ ᠶᠢᠨ ᠨᠡᠷ᠎ᠡ ᠪᠠᠷ ᠬᠥᠮᠥᠷᠭᠡ ᠳᠤ ᠲᠤᠰᠢᠶᠠᠵᠤ᠂ ᠪᠡᠯᠡ ᠮᠥᠩᠭᠦ ᠪᠠᠨ ᠲᠤᠰᠢᠶᠠᠭᠠᠳ ᠬᠡᠶᠢᠰᠪᠤᠷᠢ | ᠨᠡᠮᠡᠭᠳᠡᠯ ᠪᠣᠯᠭᠠᠬᠤ ᠶᠢ ᠴᠢᠩᠭ᠎ᠠ ᠬᠤᠷᠢᠭᠯᠠᠨ᠎ᠠ︔ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠᠷ ᠠᠷᠭ᠎ᠠ ᠪᠠᠷᠢᠯ | ᠪᠣᠯᠭᠠᠵᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠪᠤᠶᠤ ᠠᠵᠤ ᠠᠬᠤᠶᠢᠯᠠᠯ ᠢᠶᠠᠷ ᠠᠷᠭ᠎ᠠ ᠵᠠᠮ ᠪᠣᠯᠭᠠᠵᠤ᠂ | ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ᠶᠢ ᠣᠷᠣᠯᠠᠨ | ᠲᠤᠰᠢᠶᠠᠬᠤ᠂ ᠥᠪᠡᠰᠦᠪᠡᠨ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ᠶᠢ ᠬᠤᠭᠤᠰᠣᠨ ᠢᠶᠠᠷ ᠨᠡᠮᠡᠭᠳᠡᠭᠦᠯᠬᠦ ᠶᠢ | ᠴᠢᠩᠭ᠎ᠠ ᠬᠤᠷᠢᠭᠯᠠᠨ᠎ᠠ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠲᠤᠰᠢᠶᠠᠭᠰᠠᠨ ᠭᠠᠶᠢᠯᠢ ᠶᠢᠨ ᠪᠤᠰᠤ | ᠣᠷᠣᠯᠭ᠎ᠠ ᠶᠢ ᠳᠠᠬᠢᠨᠲᠠ ᠬᠡᠢ ᠬᠤᠭᠤᠰᠣᠨ ᠪᠣᠯᠭᠠᠨ ᠬᠤᠪᠢᠷᠠᠭᠤᠯᠬᠤ ᠶᠢ ᠴᠢᠩᠭ᠎ᠠ ᠬᠤᠷᠢᠭᠯᠠᠵᠤ᠂ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠲᠤᠰᠢᠶᠠᠬᠤ ᠭᠠᠶᠢᠯᠢ ᠶᠢᠨ ᠪᠤᠰᠤ ᠣᠷᠣᠯᠭ᠎ᠠ ᠶᠢ ᠳᠠᠬᠢᠨᠲᠠ ᠬᠡᠢ ᠬᠤᠭᠤᠰᠣᠨ | ᠪᠣᠯᠭᠠᠨ ᠬᠤᠪᠢᠷᠠᠭᠤᠯᠬᠤ ᠶᠢ ᠴᠢᠩᠭ᠎ᠠ ᠬᠤᠷᠢᠭᠯᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠲᠤᠰᠢᠶᠠᠬᠤ ᠭᠠᠶᠢᠯᠢ ᠶᠢᠨ ᠪᠤᠰᠤ ᠣᠷᠣᠯᠭ᠎ᠠ ᠶᠢ ᠳᠠᠬᠢᠨᠲᠠ ᠬᠡᠢ ᠬᠤᠭᠤᠰᠣᠨ ᠪᠣᠯᠭᠠᠨ ᠬᠤᠪᠢᠷᠠᠭᠤᠯᠬᠤ ᠶᠢ ᠴᠢᠩᠭ᠎ᠠ | ᠬᠤᠷᠢᠭᠯᠠᠵᠤ᠂ ᠪᠤᠰᠤᠳ ᠬᠡᠯᠪᠡᠷᠢ ᠪᠠᠷ ᠭᠠᠶᠢᠯᠢ ᠶᠢᠨ ᠪᠤᠰᠤ ᠣᠷᠣᠯᠭ᠎ᠠ ᠶᠢ ᠬᠤᠳᠠᠯ ᠢᠶᠠᠷ ᠨᠡᠮᠡᠵᠦ ᠪᠣᠯᠬᠤ ᠶᠢ ᠴᠢᠩᠭ᠎ᠠ | ᠬᠤᠷᠢᠭᠯᠠᠨ᠎ᠠ᠃ | ᠵᠢᠷᠭᠤᠭ᠎ᠠ᠂ ᠭᠠᠶᠢᠯᠢ ᠶᠢᠨ ᠪᠤᠰᠤ ᠣᠷᠣᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠬᠢᠨᠠᠨ | ᠬᠠᠮᠢᠶᠠᠷᠬᠤ ᠪᠠᠨ ᠴᠢᠩᠭᠠᠳᠬᠠᠨ᠎ᠠ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠭᠤᠯᠬᠤ᠂ | ᠵᠥᠪᠰᠢᠶᠡᠷᠡᠭᠦᠯᠦᠭᠡᠳᠦᠶ ᠪᠠᠷ ᠪᠠᠩᠬᠢ ᠶᠢᠨ ᠳᠠᠩᠰᠠ ᠨᠡᠭᠡᠭᠡᠬᠦ᠂ ᠡᠳ᠋ ᠤᠨ ᠵᠠᠰᠠᠭ ᠤᠨ ᠫᠢᠶᠣᠤ ᠪᠠᠷᠢᠮᠲᠠ ᠶᠢ | ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠲᠠᠲᠠᠪᠤᠷᠢᠯᠠᠬᠤ ᠶᠢ ᠬᠤᠶᠢᠰᠢᠯᠠᠭᠤᠯᠬᠤ᠂ ᠲᠠᠲᠠᠪᠤᠷᠢᠯᠠᠬᠤ ᠶᠣᠰᠣᠲᠠᠶ | ᠪᠠᠶᠢᠲᠠᠯ᠎ᠠ ᠲᠠᠲᠠᠪᠤᠷᠢᠯᠠᠬᠤ ᠦᠭᠡᠶ᠂ ᠭᠠᠶᠢᠯᠢ ᠶᠢᠨ ᠪᠤᠰᠤ ᠣᠷᠣᠯᠭ᠎ᠠ ᠶᠢ ᠬᠤᠳᠠᠯ ᠢᠶᠠᠷ ᠨᠡᠮᠡᠭᠳᠡᠭᠦᠯᠬᠦ᠂ ᠲᠥᠰᠦᠪ ᠤᠨ | ᠲᠥᠷᠥᠯ ᠵᠦᠢᠯ ᠢᠶᠠᠷ ᠬᠥᠮᠥᠷᠭᠡ ᠳᠤ ᠲᠤᠰᠢᠶᠠᠬᠤ ᠦᠭᠡᠶ ᠵᠡᠷᠭᠡ ᠡᠯ᠎ᠡ ᠵᠦᠢᠯ ᠤᠨ ᠲᠣᠭᠲᠠᠭᠠᠯ ᠰᠠᠬᠢᠯᠭ᠎ᠠ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠦᠨ᠎ᠡ᠃ ᠶᠠᠮᠠᠷᠪᠠ | ᠨᠢᠭᠡᠴᠢ ᠪᠠ ᠬᠤᠪᠢ ᠬᠥᠮᠦᠨ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ᠂ ᠲᠠᠲᠠᠪᠤᠷᠢᠯᠠᠭᠰᠠᠨ᠂ ᠲᠤᠰᠢᠶᠠᠭᠰᠠᠨ᠂ ᠬᠠᠮᠢᠶᠠᠷᠤᠭᠰᠠᠨ ᠦᠢᠯᠡ | ᠠᠵᠢᠯᠯᠠᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ | ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ | ᠬᠦᠷᠭᠡᠵᠦ ᠰᠢᠢᠳᠪᠦᠷᠢᠯᠡᠭᠦᠯᠦᠨ᠎ᠡ᠃ | ᠳᠣᠯᠤᠭ᠎ᠠ᠂ ᠪᠤᠰᠤᠳ ᠵᠦᠢᠯ | ᠲᠣᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠤᠯ ᠤᠨ ︽ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠰᠠᠨᠠᠯ︾ ︵ᠤᠯᠠᠭᠠᠨᠴᠠᠪ ᠵᠠᠰᠠᠭ ᠲᠠᠷᠬᠠᠭᠠᠭᠰᠠᠨ︹2013︺ 231 ᠳ᠋ᠦ᠋ᠭᠡᠷ ᠲᠣᠭᠠᠲᠤ︶ ᠪᠠ ︽ | ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠥᠬᠦᠪᠥᠷᠢ ᠰᠠᠨᠠᠯ ᠤᠳ︾ | ︵ᠤᠯᠠᠭᠠᠨᠴᠠᠪ ᠵᠠᠰᠠᠭ ᠲᠠᠷᠬᠠᠭᠠᠭᠰᠠᠨ ︹2017︺ 124 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ | ᠥᠬᠡᠶ ᠪᠣᠯᠭᠠᠨ᠎ᠠ᠃ | | 2024 ᠣᠨ ᠤ 8 ᠰᠠᠷ᠎ᠠ ᠶᠢᠨ 15 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |