ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 1-9 ᠰᠠᠷ᠎ᠠ ᠶᠢᠨ ᠲᠠᠷᠢᠮᠠᠯ ᠭᠠᠮᠰᠢᠭᠳᠠᠭᠰᠠᠨ ᠪᠠᠶᠢᠳᠠᠯ
ᠨᠡᠶᠢᠲᠡᠯᠡᠭᠰᠡᠨ ᠴᠠᠭ᠄
2024/9/24
       1 - 9 ᠰᠠᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠤᠨᠳᠠᠰᠤᠨ ᠤ ᠬᠡᠮᠵᠢᠶ᠎ᠡ 517.3 ᠮᠢᠯᠢᠮᠧᠲᠷ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 77.6% ᠢᠯᠡᠭᠦᠤ ᠪᠠᠶᠢᠵᠤ᠂ ᠡᠯ᠎ᠡ ᠰᠤᠮᠤ ᠰᠢᠶᠠᠩ ᠪᠠᠯᠭᠠᠰᠤᠨ ᠳᠤ ᠠᠳᠠᠯᠢ ᠪᠤᠰᠤ ᠬᠡᠮᠵᠢᠶ᠎ᠡ ᠪᠠᠷ ᠭᠠᠮᠰᠢᠭ ᠭᠠᠷᠪᠠ᠃ ᠨᠢᠭᠡ ᠳᠤ 2024 ᠣᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 80 ᠲᠦᠮᠡᠨ ᠮᠥ ᠳᠠᠷᠢᠬᠤ ᠲᠠᠯᠠᠪᠠᠶ ᠲᠠᠢ᠂ ᠣᠲᠣ ᠬᠤᠷ᠎ᠠ ᠪᠣᠷᠣᠭᠠᠨ ᠠᠴᠠ ᠪᠣᠯᠵᠣ ᠢᠯᠵᠠᠷᠠᠵᠤ᠂ ᠬᠢᠷᠠᠭᠤ ᠬᠥᠯᠳᠡᠵᠦ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠲᠠᠷᠢᠮᠠᠯ ᠤᠨ ᠭᠠᠮᠰᠢᠭᠳᠠᠭᠰᠠᠨ ᠲᠠᠯᠠᠪᠠᠶ 43.69 ᠲᠦᠮᠡᠨ ᠮᠥ ᠳᠤ ᠬᠦᠷᠴᠦ᠂ 27.31 ᠲᠦᠮᠡᠨ ᠮᠥ ᠭᠠᠮᠰᠢᠭ ᠪᠣᠯᠵᠣ᠂ 3.39 ᠲᠦᠮᠡᠨ ᠮᠥ ᠬᠤᠷᠢᠶᠠᠯᠲᠠ ᠠᠯᠳᠠᠪᠠ᠃ ᠬᠤᠶᠠᠷ ᠲᠤ᠂ ᠣᠶᠢᠷ᠎ᠠ ᠶᠢᠨ ᠬᠤᠭᠤᠴᠠᠭᠠᠨ ᠳᠤ ᠦᠷᠭᠦᠯᠵᠢᠯᠡᠨ ᠪᠣᠷᠣᠭᠠᠨ ᠤᠷᠤᠭᠰᠠᠨ ᠠᠴᠠ ᠪᠣᠯᠵᠤ᠂ ᠵᠠᠪᠳᠤᠨ ᠬᠤᠷᠢᠶᠠᠬᠤ ᠠᠵᠢᠯ ᠢ ᠲᠦᠷ ᠥᠷᠨᠢᠭᠦᠯᠵᠦ ᠳᠡᠶᠢᠯᠬᠦ ᠥᠬᠡᠶ ᠪᠣᠯᠵᠠᠶ᠂ ᠣᠲᠣ 1098 ᠬᠠᠳᠤᠵᠤ ᠬᠤᠷᠢᠶᠠᠬᠤ ᠮᠠᠰᠢᠨ ᠮᠧᠬᠠᠨᠢᠭ ᠪᠠᠶᠢᠵᠤ᠂ ᠲᠣᠰ ᠭᠠᠵᠠᠷ ᠤᠨ ᠬᠥᠯᠥᠰᠥᠨ ᠠᠵᠢᠯᠴᠢᠨ ᠪᠠᠷᠤᠭ 8000 ᠬᠥᠮᠦᠨ᠂ ᠭᠠᠳᠠᠭᠠᠳᠤ ᠶᠢᠨ ᠬᠥᠯᠥᠰᠥᠨ ᠠᠵᠢᠯᠴᠢᠨ ᠪᠠᠷᠤᠭ 2500 ᠬᠥᠮᠦᠨ ᠪᠠᠶᠢᠵᠤ᠂ ᠪᠣᠷᠣᠭᠠᠨ ᠵᠣᠭᠰᠣᠭᠠᠭᠰᠠᠨ ᠤ ᠳᠠᠷᠠᠭ᠎ᠠ ᠳᠠᠷᠦ᠋ᠢᠬᠠᠨ ᠵᠣᠬᠢᠶᠠᠨ ᠪᠠᠶᠢᠭᠤᠯᠤᠨ ᠠᠵᠢᠯᠯᠠᠨ᠎ᠠ᠃                          ᠵᠣᠬᠢᠶᠠᠭᠴᠢ᠄ ᠪᠦᠦ ᠵᠠᠨ ᠹᠧᠢ                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2