ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠲᠦᠷᠦᠭᠦᠤ ᠭᠤᠷᠪᠠᠨ ᠤᠯᠠᠷᠢᠯ ᠤᠨ ᠠᠶᠤᠯᠭᠦᠶ ᠦᠢᠯᠡᠳᠪᠦᠷᠢᠯᠡᠯ ᠪᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠵᠢᠴᠢ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠦᠷᠭᠦᠯᠵᠢᠯᠡᠨ ᠪᠣᠷᠣᠭᠠᠨ ᠣᠷᠣᠵᠤ᠂ ᠠᠮᠤ ᠪᠤᠳᠠᠭᠠᠨ ᠤ ᠠᠮᠤᠷ ᠲᠦᠪᠰᠢᠨ ᠪᠣᠯᠤᠨ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠳᠤ ᠬᠦᠨᠳᠦ ᠨᠣᠴᠢᠲᠠᠶ ᠨᠥᠯᠥᠭᠡ ᠦᠵᠡᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠯᠠᠩ ᠤᠨ ᠮᠠᠰᠢᠨ ᠢ ᠲᠣᠬᠢᠷᠠᠭᠤᠯᠬᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠶ᠃ ᠲᠠᠷᠢᠮᠠᠯ ᠤᠨ ᠭᠠᠮᠰᠢᠭᠳᠠᠭᠰᠠᠨ ᠪᠠᠶᠢᠳᠠᠯ ᠢ ᠣᠨᠣᠪᠴᠢᠲᠠᠶ ᠬᠢᠨᠠᠨ ᠪᠠᠶᠢᠴᠠᠭᠠᠵᠤ᠂ ᠭᠠᠮᠰᠢᠭᠳᠠᠭᠰᠠᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠵᠦ᠂ ᠬᠤᠶᠢᠰᠢᠳᠠ ᠶᠢᠨ ᠭᠠᠮᠰᠢᠭ ᠠᠴᠠ ᠠᠪᠤᠷᠠᠬᠤ ᠪᠠ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠠᠬᠢᠴᠠ ᠶᠢᠨ ᠪᠠᠶᠢᠳᠠᠯ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ︽ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠬᠢᠨᠠᠨ ᠵᠥᠪᠯᠡᠪᠡ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2