ᠰᠦᠢ ᠸᠧᠢ ᠵᠢᠶᠦ᠋ᠨ ᠱᠠᠩᠳᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/27
    9 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠱᠠᠩᠳᠤ ᠰᠢᠶᠠᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠶ ᠸᠧᠶ ᠵᠢᠶᠦ᠋ᠨ ᠲᠤᠬᠠᠶ ᠶᠢᠨ ᠭᠠᠵᠠᠷ ᠤᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠲᠠᠷᠢᠶᠠᠴᠢᠨ ᠡᠷᠦᠬᠡ ᠪᠠᠷ ᠬᠦᠷᠴᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ᠂ ᠠᠵᠤ ᠦᠢᠯᠡᠰ ᠤᠨ ᠬᠥᠭᠵᠢᠯᠲᠡ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠥᠪᠥᠷ ᠮᠣᠩᠭᠤᠯ ᠤᠨ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠳᠤ᠂ ᠰᠦᠢ ᠸᠧᠢ ᠵᠢᠶᠦ᠋ᠨ ᠲᠥᠮᠥᠰᠥ ᠶᠢᠨ ᠴᠠᠷᠳᠠᠭᠤᠯ ᠢ ᠦᠢᠯᠡᠳᠪᠦᠷᠢᠯᠡᠵᠦ ᠡᠳ᠋ᠰᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠠᠵᠤ ᠦᠢᠯᠡᠰ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠢ ᠬᠡᠷᠡᠭᠵᠢᠭᠦᠯᠵᠦ᠂ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠶᠠᠨ᠂ ᠰᠢᠶᠠᠩ ᠬᠤᠶᠠᠷ ᠱᠠᠲᠤᠨ ᠤ ᠵᠠᠰᠠᠭ ᠤᠨ ᠣᠷᠳᠣᠨ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠨᠡᠶᠢᠭᠡᠮ ᠤᠨ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠴᠢᠳᠠᠯ ᠢᠶᠠᠨ ᠦᠨᠡᠨ ᠬᠦ ᠡᠷᠭᠦᠬᠦ ᠬᠡᠷᠡᠭᠲᠡᠢ ᠭᠡᠵᠦ ᠬᠡᠯᠡᠪᠡ᠃     ᠵᠠᠮ ᠵᠠᠭᠤᠷ᠎ᠠ᠂ ᠰᠦᠶ ᠸᠧᠶ ᠵᠢᠶᠦ᠋ᠨ ᠲᠠᠷᠢᠶᠠᠨ ᠭᠠᠵᠠᠷ ᠲᠤ ᠬᠦᠷᠴᠦ᠂ ᠨᠠᠮᠤᠷ ᠤᠨ ᠬᠤᠷᠢᠶᠠᠯᠲᠠ ᠶᠢᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠨᠡᠶᠢᠭᠡᠮ ᠤᠨ ᠬᠦᠴᠦᠨ ᠢ ᠢᠳᠡᠪᠬᠢᠲᠡᠢ ᠲᠠᠶᠢᠴᠢᠯᠠᠵᠦ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠠᠮᠵᠢᠨ ᠠᠳᠬᠤᠵᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠰᠦᠢ ᠵᠢᠶᠠᠨ ᠬᠤᠸᠠ ᠣᠷᠣᠯᠴᠠᠪᠠ᠃                                 ᠣᠷᠴᠢᠭᠤᠯᠤᠭᠴᠢ᠄ ᠭᠤᠸ᠎ᠠ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2