ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠤᠨ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ︽︿ᠤᠯᠠᠭᠠᠨᠴᠠᠪ ᠬᠤᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶᠠᠨ ᠤ ᠮᠡᠳᠡᠭᠳᠡᠯ︾ ︵ᠤᠯᠠᠭᠠᠨᠴᠠᠪ ᠨᠠᠮ ᠲᠠᠷᠬᠠᠭᠠᠭᠰᠠᠨ ﹇ | 2024﹈ 6 ᠳ᠋ᠤᠭᠠᠷ ᠲᠣᠭᠠᠲᠤ︶ ᠶᠣᠰᠣᠭᠠᠷ᠂ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠵᠣᠬᠢᠶᠠᠨ ᠪᠠᠶᠢᠭᠤᠯᠵᠤ᠂ 13 | ᠰᠠᠯᠠᠭ᠎ᠠ ᠮᠥᠴᠢᠷ ᠤᠨ ᠬᠡᠰᠡᠭ ᠬᠢᠨᠠᠨ ᠵᠥᠪᠰᠢᠶᠡᠷᠡᠬᠦ ᠵᠦᠢᠯᠡᠰ ᠢ ᠬᠤᠪᠢᠶᠠᠷᠢᠯᠠᠨ ᠣᠷᠣᠭᠤᠯᠪᠠ᠃ ᠡᠳᠦᠭᠡ | ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠣᠳᠣ 92 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ | ᠨᠤᠲᠠᠯᠠᠯᠲᠠ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠡᠭᠦᠷᠭᠡᠯᠡᠵᠦ᠂ ᠤᠤᠯ ᠤᠨ ᠬᠢᠨᠠᠨ ᠵᠥᠪᠰᠢᠶᠡᠷᠡᠬᠦ ᠨᠢᠭᠡᠴᠢ ᠨᠢ | ᠵᠣᠬᠢᠬᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠬᠡᠷᠡᠭᠵᠢᠭᠦᠯᠬᠦ ᠥᠬᠡᠶ᠃ | ᠬᠤᠶᠠᠷ᠂ ᠰᠦᠯᠵᠢᠶᠡᠨ ᠭᠠᠳᠠᠨᠠᠬᠢ ᠶᠢ ᠭᠥᠯᠢᠶᠡᠨ ᠠᠪᠴᠤ ᠰᠢᠢᠳᠪᠦᠷᠢᠯᠡᠬᠦ ᠭᠠᠵᠠᠷ᠄ ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᠠᠵᠢᠯᠴᠢᠨ ᠲᠠᠷᠢᠶᠠᠴᠢᠨ ᠤ ᠡᠮᠦᠨ᠎ᠡ ᠵᠠᠮ ᠤᠨ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠪᠠᠷᠠᠭᠤᠨ ᠡᠮᠦᠨ᠎ᠡ ᠥᠨᠴᠥᠭ | ᠬᠠᠷᠢᠯᠴᠠᠬᠤ ᠤᠲᠠᠰᠤ᠄ 0474 - 8845132 | ᠣᠨᠴᠠᠭᠠᠶᠢᠯᠠᠨ ᠵᠠᠷᠯᠠᠪᠠ | | ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | 2024 ᠣᠨ ᠤ 9 ᠰᠠᠷ᠎ᠠ ᠶᠢᠨ 27 ᠤ ᠡᠳᠦᠷ | | | | | | |