ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠤᠷᠠᠯᠳᠤᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠤᠶᠤᠨ ᠴᠢᠳᠠᠯ ᠢᠶᠠᠨ ᠲᠥᠪᠯᠡᠷᠡᠭᠦᠯᠦᠨ ᠨᠢᠭᠡ ᠪᠦᠯᠦᠭ ᠴᠢᠨᠠᠷ ᠰᠠᠶᠢᠲᠠᠢ ᠰᠤᠷᠭᠠᠭᠤᠯᠢ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢ ᠶᠢᠨ ᠫᠢᠩ ᠤᠨ ᠪᠠᠶᠢᠴᠠᠭᠠᠨ ᠰᠤᠳᠤᠯᠬᠤ ᠲᠤᠬᠠᠶ ᠥᠭᠦᠯᠡᠯᠲᠡ ᠶᠢᠨ ᠲᠡᠭᠦᠪᠦᠷᠢ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ︽ᠬᠡᠷᠬᠢᠨ ᠪᠠᠶᠢᠴᠠᠭᠠᠨ ᠰᠤᠳᠤᠯᠬᠤ ᠶᠢ ᠯᠠᠪᠳᠠᠭᠤᠨ ᠪᠠᠲᠤᠲᠠᠶ ᠬᠢᠬᠦ︾ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ᠃ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠦᠨᠳᠦᠰᠦᠨ ᠴᠢᠳᠠᠪᠤᠷᠢ ᠪᠠᠨ ᠯᠠᠪᠳᠠᠭᠤᠨ ᠪᠠᠲᠤᠲᠠᠶ ᠰᠠᠶᠢᠲᠤᠷ ᠪᠣᠯᠪᠠᠰᠤᠷᠠᠭᠤᠯᠵᠤ᠂ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠠᠷᠭ᠎ᠠ ᠪᠤᠳᠤᠯᠭ᠎ᠠ ᠶᠢ ᠪᠣᠳᠠᠲᠠᠢ ᠳᠡᠭᠡᠭᠰᠢᠯᠡᠭᠦᠯᠬᠦ ᠬᠡᠷᠡᠭᠲᠡᠢ᠃ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠵᠤ᠂ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠠᠶᠢᠲᠤᠷ ᠲᠤᠭᠤᠷᠪᠢᠵᠤ᠂ ᠨᠡᠩ ᠤᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ ᠠᠵᠢᠯ ᠤᠨ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ᠃ ᠰᠤᠷᠲᠠᠯ ᠢᠶᠠᠨ ᠬᠤᠪᠢᠷᠠᠭᠤᠯᠵᠤ᠂ ᠲᠡᠷᠭᠡ ᠬᠥᠰᠬᠡ ᠶᠢ ᠪᠠᠭᠠᠰᠬᠠᠵᠤ᠂ ᠣᠪᠣᠭᠠᠯᠠᠨ ᠪᠠᠶᠢᠴᠠᠭᠠᠨ ᠰᠤᠳᠤᠯᠤᠯᠲᠠ ᠬᠢᠬᠦ ᠶᠢ ᠰᠡᠷᠭᠡᠶᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2