ᠥᠪᠥᠷ ᠮᠣᠩᠭᠤᠯ ᠤᠨ ᠬᠤᠸᠠ ᠳ᠋ᠢᠶᠠᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 27.8 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/9/29
   ᠣᠶᠢᠷ᠎ᠠ ᠳᠤ᠂ ᠥᠪᠥᠷ ᠮᠣᠩᠭᠤᠯ ᠤᠨ ᠬᠤᠸᠠ ᠳ᠋ᠢᠶᠠᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 27.8 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠡᠬᠢᠯᠡᠬᠦ ᠶᠣᠰᠣᠯᠠᠯ ᠶᠠᠪᠤᠭᠳᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃    ᠲᠣᠰ ᠲᠥᠷᠥᠯ ᠵᠦᠢᠯ ᠨᠢ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠪᠠᠷ ᠰᠢᠨ᠎ᠡ ᠡᠨᠧᠷᠭᠢ ᠶᠢ ᠰᠢᠩᠭᠡᠭᠡᠨ ᠠᠪᠬᠤ ᠶᠢ ᠠᠬᠢᠭᠤᠯᠬᠤ ᠲᠥᠷᠥᠯ ᠵᠦᠢᠯ ᠪᠣᠯᠤᠨ᠎ᠠ᠂ ᠡᠨᠡ ᠨᠢ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠬᠦᠴᠦᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠷᠢᠭᠤᠨ ᠴᠡᠪᠡᠷ᠂ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢ ᠥᠨᠳᠥᠷ ᠬᠠᠷᠢᠴᠠᠯ ᠢᠶᠠᠷ ᠰᠢᠩᠭᠡᠭᠡᠨ ᠠᠪᠬᠤ ᠪᠠ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠲᠥᠷᠥᠯ ᠵᠦᠢᠯ ᠤᠨ ᠲᠥᠯᠥᠪᠵᠢᠭᠦᠯᠭᠡ ᠳᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 27.8 ᠲᠦᠮᠡᠨ ᠺᠢᠯᠣᠸᠠᠲ ᠪᠤᠯᠤᠨ᠎ᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ 18.8 ᠲᠦᠮᠡᠨ ᠺᠢᠯᠣᠸᠠᠲ᠂ ᠭᠡᠷᠡᠯ ᠴᠡᠨᠡᠭ 9 ᠲᠦᠮᠡᠨ ᠺᠢᠯᠣᠸᠠᠲ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠪᠣᠯᠤᠨ᠎ᠠ᠃    ᠲᠥᠷᠥᠯ ᠵᠦᠢᠯ ᠢ ᠪᠠᠶᠢᠭᠤᠯᠤᠭᠰᠠᠨ ᠨᠢ ᠭᠠᠵᠠᠷ ᠣᠷᠣᠨ ᠤ ᠡᠨᠧᠷᠭᠢ ᠶᠢᠨ ᠪᠦᠲᠦᠴᠡ ᠶᠢ ᠪᠦᠲᠦᠮᠵᠢᠲᠡᠶ ᠰᠠᠶᠢᠵᠢᠷᠠᠭᠤᠯᠵᠤ᠂ ᠡᠨᠧᠷᠭᠢ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠣᠯᠤᠨ᠎ᠠ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2