2024 ᠣᠨ ᠤ 1 — 7 ᠰᠠᠷ᠎ᠠ ᠪᠣᠯᠲᠠᠯ᠎ᠠ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠪᠦᠬᠦᠯᠢ ᠴᠣᠭᠴᠠ ᠪᠠᠷ ᠢᠶᠠᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠠᠶᠢᠵᠤ᠂ | ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠳᠠᠶᠢᠴᠢᠯᠠᠬᠤ ᠦᠢᠯᠡᠳᠦᠯ ᠢᠯᠡᠳᠲᠡ ᠴᠢᠩᠭᠠᠷᠠᠪᠠ᠃ 2024 | ᠣᠨ ᠤ 1 — 7 ᠰᠠᠷ᠎ᠠ ᠪᠣᠯᠲᠠᠯ᠎ᠠ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ 817357 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 50.2 % ᠢᠶᠠᠷ ᠨᠡᠮᠡᠭᠳᠡᠪᠡ᠃ ᠶᠢᠰᠦᠨ ᠲᠣᠮᠣ ᠠᠵᠢᠯ | ᠲᠥᠷᠥᠯ ᠳᠤ ︽ᠲᠠᠪᠤ ᠶᠢ ᠨᠡᠮᠡᠭᠳᠡᠭᠦᠯᠵᠦ ᠳᠥᠷᠪᠡ ᠶᠢ ᠪᠠᠭᠤᠷᠠᠭᠤᠯᠬᠤ︾ ᠨᠡᠮᠡᠭᠳᠡᠯ ᠤᠨ ᠪᠠᠶᠢᠳᠠᠯ ᠢᠯᠡᠷᠡᠵᠡᠶ᠂ | ᠡᠭᠦᠨ ᠳᠤ᠄ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ 77.1%᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠨ ᠬᠠᠳᠠᠭᠠᠯᠠᠬᠤ ᠪᠠ | ᠰᠢᠦᠳᠠᠨ ᠤ ᠦᠢᠯᠡᠰ 40%᠂ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ 35.5% ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ 14. | 1% ᠂ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠣᠯᠤᠨ ᠣᠯᠠᠨ ᠨᠡᠶᠢᠲᠡ ᠶᠢᠨ ᠪᠡᠯᠡᠳᠬᠡᠮᠵᠢ ᠶᠢᠨ | ᠬᠠᠮᠢᠶᠠᠷᠤᠯᠲᠠ ᠶᠢᠨ ᠦᠢᠯᠡᠰ 2.2% ᠨᠡᠮᠡᠭᠳᠡᠵᠦ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠦᠢᠯᠡᠰ 4.9%᠂ | ᠰᠤᠷᠭᠠᠨ ᠬᠥᠮᠦᠵᠢᠯ ᠤᠨ ᠦᠢᠯᠡᠰ 9.6%᠂ ᠡᠷᠡᠭᠦᠯ ᠬᠠᠮᠠᠭᠠᠯᠠᠯ ᠪᠣᠯᠤᠨ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠦᠢᠯᠡᠰ 13.1%᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠴᠢᠯᠡᠭᠡᠨ ᠤ ᠦᠢᠯᠡᠰ 15. | 2% ᠪᠠᠭᠤᠷᠠᠪᠠ᠃ | ᠨᠢᠭᠡ᠂ ᠢᠨᠲ᠋ᠧᠷ ᠰᠦᠯᠵᠢᠶ᠎ᠡ ᠪᠣᠯᠤᠨ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠵᠢᠴᠢ ᠵᠥᠭᠡᠯᠡᠨ ᠲᠤᠨᠤᠭ | ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ | ᠠᠬᠢᠵᠢᠪᠠ | ᠣᠶᠢᠷ᠎ᠠ ᠶᠢᠨ ᠵᠢᠯ᠂ ︽ᠢᠨᠲ᠋ᠧᠷ ᠰᠦᠯᠵᠢᠶ᠎ᠡ︾ ᠶᠢᠨ ᠠᠬᠢᠭᠤᠯᠤᠯ ᠳᠣᠤᠷ᠎ᠠ᠂ ᠢᠨᠲ᠋ᠧᠷ ᠰᠦᠯᠵᠢᠶ᠎ᠡ ᠪᠣᠯᠤᠨ | ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠵᠢᠴᠢ ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠨᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ︽ᠳᠠᠭᠠᠭᠤᠯᠤᠭᠴᠢ︾ ᠪᠣᠯᠤᠭᠰᠠᠨ | ᠪᠠᠶᠢᠨ᠎ᠠ᠃ ᠣᠳᠣᠬᠠᠨ ᠳᠤ᠂ ᠤᠯᠠᠭᠠᠨᠴᠠᠪ ᠬᠤᠲᠠ ᠨᠢᠭᠡᠨᠲᠡ ᠨᠢᠭᠡ ᠪᠦᠯᠦᠭ ᠮᠡᠷᠭᠡᠵᠢᠯ ᠤᠨ ᠬᠦᠴᠦᠨ ᠢᠶᠠᠷ ᠴᠢᠩᠭ᠎ᠠ᠂ | ᠨᠠᠷᠠᠲᠤ ᠲᠡᠮᠳᠡᠭᠲᠦ ᠶᠢᠨ ᠬᠡᠪᠴᠢᠶᠡᠵᠢᠯ ᠨᠢ ᠶᠡᠭᠡ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠠᠵᠤ | ᠠᠬᠤᠶᠢᠯᠠᠯ ᠤᠳ ᠢ ᠪᠠᠶᠢᠭᠤᠯᠪᠠ᠂ ᠵᠢᠱᠢᠶᠡᠯᠡᠪᠡᠯ᠄ ᠠ ᠯᠢ ᠪᠠ ᠪᠠ᠂ ᠬᠤᠸᠠ ᠸᠧᠶ᠂ ᠺᠤᠸᠠᠢ ᠴᠢ᠂ ᠫᠢᠩ ᠭᠦᠸᠧ | ᠵᠡᠷᠭᠡ ᠰᠠᠭᠤᠷᠢ ᠡᠭᠦᠯᠡᠨ ᠦᠢᠯᠡᠴᠢᠯᠡᠭᠡᠨ ᠤ ᠲᠠᠪᠴᠠᠩ ᠬᠠᠩᠭᠠᠭᠰᠠᠨ ᠠᠵᠤ ᠠᠬᠤᠶᠢᠯᠠᠯ᠃ 2024 ᠣᠨ ᠤ 1 | —7 ᠰᠠᠷ᠎ᠠ ᠪᠣᠯᠲᠠᠯ᠎ᠠ᠂ ᠤᠯᠠᠭᠠᠨᠴᠠᠪ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠢᠨᠲ᠋ᠧᠷ ᠰᠦᠯᠵᠢᠶ᠎ᠡ ᠪᠠ | ᠬᠠᠮᠢᠶ᠎ᠠ ᠪᠥᠬᠦᠶ ᠦᠢᠯᠡᠴᠢᠯᠡᠭᠡ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠪᠡᠶᠡᠯᠡᠬᠦᠯᠦᠭᠰᠡᠨ ᠡᠵᠡᠩᠨᠡᠯᠲᠡ ᠶᠢᠨ ᠣᠷᠣᠯᠭ᠎ᠠ 301877 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 125.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦᠯᠢ | ᠴᠣᠭᠴᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠠᠴᠠ 74.9 ᠵᠠᠭᠤᠨ ᠤ ᠬᠤᠪᠢ ᠶᠢᠨ | ᠴᠡᠭ ᠥᠨᠳᠥᠷ ᠪᠣᠯᠵᠤ᠂ ᠣᠳᠣᠬᠠᠨ ᠤ ᠤᠯᠠᠭᠠᠨᠴᠠᠪ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠬᠤᠷᠳᠤᠴᠠ ᠪᠠᠷ ᠬᠠᠮᠤᠭ ᠤᠨ ᠲᠦᠷᠭᠡᠨ᠂ ᠬᠥᠭᠵᠢᠯᠲᠡ ᠶᠢᠨ ᠢᠷᠡᠭᠡᠳᠦᠶ ᠪᠠᠷ ᠬᠠᠮᠤᠭ ᠤᠨ ᠰᠠᠶᠢᠨ ᠣᠲᠣ ᠦᠶ᠎ᠡ ᠶᠢᠨ | ᠦᠢᠯᠡᠴᠢᠯᠡᠭᠡᠨ ᠤ ᠠᠵᠢᠯ ᠲᠥᠷᠥᠯ ᠪᠣᠯᠤᠭᠰᠠᠨ ᠪᠠᠶᠢᠨ᠎ᠠ᠃ | ᠬᠤᠶᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠦᠢᠯᠡᠰ ᠨᠢ ᠮᠥᠨ ᠯᠡ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠳᠠᠶᠢᠴᠢᠯᠠᠬᠤ ︽ᠰᠢᠨ᠎ᠡ ᠬᠦᠴᠦᠨ︾ ᠶᠤᠮ | ᠣᠶᠢᠷ᠎ᠠ ᠶᠢᠨ ᠵᠢᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠠᠵᠤ ᠠᠬᠤᠶᠢᠯᠠᠯ ᠤᠯᠠᠭᠠᠨᠴᠠᠪ | ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠠᠰᠢᠭᠯᠠᠨ᠂ ᠬᠡᠷᠡᠭᠴᠡᠭᠡ ᠱᠠᠭᠠᠷᠳᠠᠯᠭ᠎ᠠ ᠪᠠ ᠬᠠᠩᠭᠠᠯᠭ᠎ᠠ ᠶᠢᠨ | ᠦᠵᠦᠭᠦᠷ ᠢ ᠪᠦᠲᠦᠮᠵᠢᠲᠡᠶ ᠬᠤᠯᠪᠣᠵᠤ᠂ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ | ᠬᠠᠮᠲᠤ ᠶᠢᠨ ᠬᠥᠭᠵᠢᠯᠳᠡ ᠶᠢ ᠳᠠᠶᠢᠴᠢᠯᠠᠪᠠ᠃ 2024 ᠣᠨ ᠤ 1 — 7 ᠰᠠᠷ᠎ᠠ ᠳᠤ᠂ ᠤᠯᠠᠭᠠᠨᠴᠠᠪ | ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠦᠢᠯᠡᠰ | ᠨᠡᠶᠢᠳᠡ 315632 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 45.3% ᠪᠠᠷ ᠨᠡᠮᠡᠭᠳᠡᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠳᠠᠶᠢᠴᠢᠯᠠᠬᠤ ︽ᠰᠢᠨ᠎ᠡ ᠬᠦᠴᠦᠨ︾ ᠪᠣᠯᠪᠠ᠃ | 2024 ᠣᠨ ᠤ 1 — 7 ᠰᠠᠷ᠎ᠠ ᠳᠤ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠰ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠳ᠋ᠦᠸᠧ ᠮᠧᠩ ᠳ᠋ᠧ | ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠢ ᠲᠦᠩ ᠪᠠᠷᠠᠭᠠᠨ ᠤ ᠭᠦᠢᠯᠭᠡᠭᠡᠨ ᠤ ᠺᠣᠮᠫᠠᠨᠢ᠂ ᠸᠠᠨ ᠯᠢᠶᠠᠨ ᠢ | ᠳ᠋ᠡ ᠪᠠᠷᠠᠭᠠᠨ ᠤ ᠭᠦᠢᠯᠭᠡᠭᠡᠨ ᠤ ᠺᠣᠮᠫᠠᠨᠢ ᠪᠠᠷ ᠲᠥᠯᠥᠭᠡᠯᠡᠭᠦᠯᠦᠭᠰᠡᠨ ᠬᠥᠲᠥᠴᠢ ᠠᠵᠤ ᠠᠬᠤᠶᠢᠯᠠᠯ ᠬᠤᠶᠢᠨ᠎ᠠ | ᠬᠤᠶᠢᠨ᠎ᠠ ᠠᠴᠠ ᠪᠠᠨ ︽ᠲᠣᠮᠣ ᠳ᠋ᠠᠶᠢᠲ᠋ᠠ︾ ᠪᠠ ᠣᠲᠣ ᠦᠶ᠎ᠡ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠠᠰᠢᠭᠯᠠᠨ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠯᠠᠮᠵᠢᠯᠠᠯᠲᠤ ᠲᠡᠭᠡᠭᠡᠪᠦᠷᠢ ᠶᠢᠨ | ᠵᠠᠭᠪᠤᠷ ᠢ ᠲᠠᠰᠤᠷᠠᠯᠲᠠ ᠥᠬᠡᠶ ᠰᠢᠨᠡᠴᠢᠯᠡᠵᠦ᠂ ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ | ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠲᠥᠷᠥᠯ ᠤᠨ ᠠᠮᠢᠵᠢᠷᠠᠯ ᠤᠨ ᠬᠦᠴᠦᠨ | ᠪᠢᠯᠬᠠᠭᠰᠠᠨ ᠬᠥᠭᠵᠢᠯᠲᠡ ᠶᠢᠨ ᠬᠠᠨᠳᠤᠰᠢ ᠪᠣᠶ ᠪᠣᠯᠬᠤ ᠶᠢ ᠠᠬᠢᠭᠤᠯᠤᠭᠰᠠᠨ ᠪᠠᠶᠢᠨ᠎ᠠ᠃ | | | | | |