ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/9/3
   8 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠱᠠᠲᠤᠨ ᠤ ᠤᠳᠤᠷᠢᠳᠬᠤ ᠨᠥᠬᠦᠳ ᠲᠦᠷᠦᠭᠦᠯᠡᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠳᠠ ᠶᠢᠨ ᠱᠠᠲᠤᠨ ᠤ ᠡᠯ᠎ᠡ ᠨᠢᠭᠡᠴᠢ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃ ᠪᠥᠬᠦ ᠨᠡᠶᠢᠭᠡᠮ ᠤᠨ ᠬᠦᠴᠦᠨ ᠢ ᠢᠳᠡᠪᠬᠢᠲᠡᠶ ᠳᠠᠶᠢᠴᠢᠯᠠᠨ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠣᠷᠣᠯᠴᠠᠭᠤᠯᠵᠤ᠂ ᠵᠢᠯ ᠤᠨ ᠡᠬᠢᠨ ᠳᠤ ᠲᠣᠭᠲᠠᠭᠰᠠᠨ ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠨᠢᠭᠡ ᠲᠠᠯ᠎ᠠ ᠪᠠᠷ ᠳᠠᠷᠤᠭᠠᠰᠤ ᠶᠢ ᠬᠥᠩᠭᠡᠷᠡᠭᠦᠯᠬᠦ ᠶᠢ ᠠᠳᠬᠤᠵᠤ᠂ ᠨᠥᠭᠦᠭᠡ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠬᠤᠳᠠ ᠶᠢᠨ ᠴᠡᠷᠢᠭ ᠠᠴᠠ ᠬᠠᠯᠠᠭᠳᠠᠭᠰᠠᠳ᠂ ᠠᠶᠤᠯᠭᠦᠢ ᠦᠢᠯᠡᠳᠪᠦᠷᠢᠯᠡᠯ ᠪᠣᠯᠤᠨ ᠠᠷᠠᠳᠴᠢᠯᠠᠭᠰᠠᠨ ᠨᠠᠮ ᠪᠦᠯᠦᠭ ᠤᠨ ᠬᠥᠮᠦᠰ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠪᠣᠯᠤᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠭᠠᠮᠰᠢᠭ ᠠᠴᠠ ᠠᠪᠤᠷᠠᠬᠤ ᠠᠵᠢᠯ ᠤᠨ ᠪᠡᠯᠡᠳᠬᠡᠯ ᠲᠥᠰᠦᠯ ᠢ ᠡᠮᠬᠢᠯᠡᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠲᠣᠪᠤᠶᠢᠮ᠎ᠠ ᠠᠳᠬᠤᠵᠤ᠂ ᠣᠯᠠᠨ ᠲᠦᠮᠡᠨ ᠳᠤ ᠲᠦᠰᠢᠭᠯᠡᠬᠦ ᠶᠢ ᠴᠢᠬᠤᠯᠠᠴᠢᠯᠠᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ᠃ ᠠᠷᠠᠳᠴᠢᠯᠠᠭᠰᠠᠨ ᠨᠠᠮ ᠪᠦᠯᠦᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠬᠢᠬᠦ ᠶᠢ ᠳᠠᠮᠵᠢᠵᠤ᠂ ᠠᠷᠠᠳᠴᠢᠯᠠᠭᠰᠠᠨ ᠨᠠᠮ ᠪᠦᠯᠦᠭ ᠤᠨ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠷᠢᠭᠵᠢᠭᠤᠯᠵᠤ᠂ ᠰᠡᠳᠬᠢᠯ ᠨᠢᠭᠡᠳᠦᠨ ᠭᠠᠷ ᠬᠤᠯᠪᠣᠨ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠢ ᠲᠦᠯᠬᠢᠨ ᠤᠷᠤᠭᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃                              ᠣᠷᠴᠢᠭᠤᠯᠤᠭᠴᠢ᠄ ᠭᠤᠸ᠎ᠠ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2