ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠲᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/4
   8 ᠰᠠᠷ᠎ᠠ ᠶᠢᠨ 29 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠲᠤ ᠬᠦᠷᠴᠦ ᠤᠬᠠᠭᠤᠯᠤᠨ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠳᠤᠮᠳᠠ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ ᠹᠧᠩ ᠰᠢᠤᠸᠠᠢ ᠡᠨᠡ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃    ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠭᠦᠨᠵᠡᠭᠡᠢ ᠲᠦᠷᠦᠭᠳᠡᠯ ᠲᠠᠢ ᠪᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠡᠭᠦᠷᠭᠡ ᠪᠠ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠠᠳᠬᠤᠬᠤ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠠᠵᠢᠯ ᠤᠨ ᠬᠡᠯᠲᠡᠰ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠴᠢᠩᠭ᠎ᠠ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠪᠦᠬᠦᠳᠡ ᠬᠤᠷᠠᠯ ᠤᠨ ᠨᠡᠶᠢᠭᠡᠮ ᠤᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠲᠤᠬᠠᠢ ᠳᠤᠷᠠᠳᠤᠭᠰᠠᠨ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠪᠣᠳᠠᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠳᠬᠡᠵᠡᠭᠡᠪᠡ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2