| ᠨᠢᠭᠡ ᠳᠤ ᠭᠠᠯᠲᠤ ᠠᠭᠤᠯᠠ ᠶᠢᠨ ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠥᠷᠭᠡᠳᠬᠡᠨ᠎ᠡ᠃ ᠲᠢᠭ ᠲᠤᠭ ᠨᠡᠪᠲᠡᠷᠡᠭᠦᠯᠬᠦ ᠪᠠᠷ ᠳᠠᠮᠵᠢᠭᠤᠯᠤᠨ᠂ ᠴᠢᠨᠠᠷ ᠰᠠᠶᠢᠲᠠᠶ ᠣᠬᠤᠷ | ᠸᠢᠳᠢᠤ᠋ ᠶᠢᠨ ᠲᠠᠪᠴᠠᠩ ᠢ ᠪᠠᠶᠢᠭᠤᠯᠵᠤ᠂ ᠭᠠᠷᠠᠭ ᠪᠦᠷᠢ ᠠᠷᠠᠳ ᠤᠨ ᠣᠷᠣᠨ ᠰᠠᠭᠤᠴᠠ ᠶᠢᠨ ᠳᠠᠭᠤᠤ ᠬᠥᠭᠵᠢᠮ ᠤᠨ | ᠦᠳᠡᠰᠢᠯᠡᠭᠡ ᠶᠢ ᠡᠷᠭᠢᠯᠡᠵᠦ᠂ ᠠᠯᠬᠤᠮ ᠠᠯᠬᠤᠮ ᠢᠶᠠᠷ ︽ᠢᠨᠲ᠋ᠧᠷ ᠰᠦᠯᠵᠢᠶ᠎ᠡ+︾ ᠶᠢᠨ ᠣᠲᠣ ᠦᠶ᠎ᠡ ᠶᠢᠨ | ᠬᠥᠳᠡᠭᠡ ᠲᠣᠰᠬᠤᠨ ᠤ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠪᠣᠯᠭᠠᠨ ᠪᠠᠶᠢᠭᠤᠯᠤᠨ᠎ᠠ᠃ 9 ᠰᠠᠷ᠎ᠠ ᠶᠢᠨ | ᠡᠬᠢ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠡᠶᠢᠲᠡ 3.4 ᠳ᠋ᠦᠩᠰᠢᠭᠤᠷ ᠲᠥᠭᠦᠷᠢᠭ ᠤᠨ | ᠨᠡᠶᠢᠭᠡᠮ ᠤᠨ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠵᠤ᠂ 170 ᠭᠠᠷᠤᠶ ᠮᠠᠯᠵᠢᠬᠤ ᠲᠠᠷᠢᠶᠠᠯᠠᠬᠤ | ᠣᠷᠣᠨ ᠤ ᠰᠤᠯᠠ ᠪᠠᠶᠢᠭ᠎ᠠ ᠬᠡᠷ ᠪᠠᠶᠢᠰᠢᠩ ᠢ ᠠᠮᠢᠳᠤᠯᠢᠭᠵᠢᠭᠤᠯᠤᠨ ᠠᠰᠢᠭᠯᠠᠵᠤ᠂ 143 ᠣᠨᠴᠠᠯᠢᠭᠲᠤ ᠣᠷᠣᠨ | ᠰᠠᠭᠤᠴᠠ ᠶᠢ ᠪᠠᠶᠢᠭᠤᠯᠵᠤ᠂ 13 ᠤᠨᠴᠠᠯᠢᠬᠳᠤ ᠠᠷᠠᠳ ᠤᠨ ᠣᠷᠣᠨ ᠰᠠᠭᠤᠴᠠ ᠶᠢᠨ ᠲᠣᠰᠬᠤᠨ ᠢ ᠪᠦᠷᠢᠯᠳᠦᠭᠦᠯᠵᠦ᠂ | ᠡᠭᠦᠨ ᠳᠤ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ 1 ᠡᠷᠦᠬᠡ᠂ ᠤᠯᠠᠭᠠᠨ ᠲᠠᠰ ᠤᠨ 11 ᠡᠷᠦᠬᠡ ᠪᠣᠶ᠃ | ᠬᠤᠶᠠᠷ ᠲᠤ᠂ ᠤᠯᠠᠮᠵᠢᠯᠠᠯᠲᠤ ᠵᠢᠭᠤᠯᠴᠢᠯᠠᠯ ᠤᠨ ᠦᠢᠯᠡᠰ ᠤᠨ ᠵᠠᠭᠠᠭ ᠬᠢᠵᠠᠭᠠᠷ ᠢ ᠡᠪᠳᠡᠵᠦ᠂ ︽ | ᠵᠢᠭᠤᠯᠴᠢᠯᠠᠯ+︾ ᠤᠨ ᠠᠵᠤ ᠦᠢᠯᠡᠰ ᠤᠨ ᠬᠡᠯᠬᠢᠶ᠎ᠡ ᠶᠢ ᠪᠡᠶᠡᠯᠡᠭᠦᠯᠦᠨ᠎ᠡ᠃ 1 - 8 ᠰᠠᠷ᠎ᠠ ᠳᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠨᠡᠶᠢᠲᠡ 15.8 ᠲᠦᠮᠡᠨ ᠵᠤᠭᠠᠴᠠᠭᠰᠠᠳ ᠢ | ᠬᠦᠯᠢᠶᠡᠨ ᠠᠪᠴᠤ᠂ ᠨᠡᠶᠢᠲᠡ 1.1 ᠳ᠋ᠦᠩᠰᠢᠭᠤᠷ ᠲᠥᠭᠦᠷᠢᠭ ᠤᠨ ᠣᠷᠣᠯᠭ᠎ᠠ ᠣᠯᠵᠤ᠂ ᠲᠤᠬᠠᠶ ᠶᠢᠨ ᠭᠠᠵᠠᠷ ᠤᠨ | 3000 ᠡᠷᠦᠬᠡ ᠮᠠᠯᠴᠢᠨ ᠲᠠᠷᠢᠶᠠᠴᠢᠨ ᠢ ᠳᠠᠶᠢᠴᠢᠯᠠᠨ ᠠᠰᠢᠭ ᠬᠦᠷᠲᠡᠭᠡᠵᠦ᠂ ᠡᠷᠬᠢᠨ ᠲᠣᠭᠤᠷᠢᠨ ᠤ ᠣᠯᠠᠨ | ᠲᠦᠮᠡᠨ ᠢ ᠬᠠᠪᠰᠤᠷᠤᠨ 4000 ᠬᠥᠮᠦᠨ ᠳᠤ ᠠᠵᠢᠯ ᠣᠯᠭᠤᠵᠤ᠂ ᠡᠷᠦᠬᠡ ᠪᠦᠷᠢ ᠳᠤᠮᠳᠠᠴᠢ ᠪᠠᠷ 1.2 ᠲᠦᠮᠡᠨ | ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃ | ᠵᠣᠬᠢᠶᠠᠭᠴᠢ᠄ ᠪᠦᠦ ᠵᠠᠨ ᠹᠧᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |