ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠲᠠ ᠶᠢᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠵᠡᠷᠭᠡ ᠠᠵᠢᠯ ᠢ ᠠᠬᠢᠭᠤᠯᠬᠤ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ᠂ ᠲᠥᠷᠥᠯ ᠵᠦᠢᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠪᠠ ᠢᠵᠢ ᠪᠥᠷᠢᠳᠦᠭᠦᠯᠬᠦ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠦᠷᠦᠯ ᠵᠦᠢᠯ ᠨᠢ ᠥᠷᠭᠡᠨ ᠤᠯᠠᠨ ᠠᠷᠠᠳ ᠲᠦᠮᠡᠨ ᠤ ᠠᠮᠢᠳᠤᠷᠠᠯ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠪᠦᠬᠦ ᠬᠤᠳᠠ ᠶᠢᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠲᠦᠷᠦᠯ ᠵᠦᠢᠯ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠲᠦᠷᠦᠯ ᠵᠦᠢᠯ ᠢ ᠮᠡᠳᠡᠭᠦᠯᠦᠨ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠢᠵᠢ ᠪᠦᠷᠢᠳᠦᠭᠰᠡᠨ ᠴᠠᠬᠢᠯᠭᠠᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠹᠠᠩ ᠽᠧ ᠣᠷᠣᠯᠴᠠᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2