ᠱᠠᠩᠳᠤ ᠰᠢᠶᠠᠨ ᠤ ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠪᠡᠶᠡᠯᠡᠭᠦᠯᠵᠡᠶ︕
ᠨᠡᠶᠢᠲᠡᠯᠡᠭᠰᠡᠨ ᠴᠠᠭ᠄
2024/9/5
       ᠱᠠᠩᠳᠤ ᠰᠢᠶᠠᠨ ᠤ ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ᠾᠦᠢ ᠶᠤᠸᠠᠨ ᠵᠠᠮ ᠤᠨ ᠪᠠᠷᠠᠭᠤᠨ ᠬᠡᠰᠡᠭ᠂ ᠢᠦᠢ ᠮᠢᠶᠤᠤ ᠵᠠᠮ ᠤᠨ ᠵᠡᠭᠦᠨ ᠬᠡᠰᠡᠭ᠂ ᠬᠤᠩ ᠰᠢᠩ ᠵᠡᠭᠡᠯᠢ ᠶᠢᠨ ᠡᠮᠦᠨ᠎ᠡ ᠬᠡᠰᠡᠭ ᠤᠨ ᠵᠠᠮ ᠵᠢᠴᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠵᠢᠭᠠᠵᠤ ᠪᠣᠶ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.4 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ 9 ᠰᠠᠷ᠎ᠠ ᠠᠴᠠ ᠡᠬᠢᠯᠡᠨ ᠪᠥᠲᠥᠭᠡᠨ ᠪᠠᠶᠢᠭᠤᠯᠵᠤ᠂ 2024 ᠣᠨ ᠤ 8 ᠰᠠᠷ᠎ᠠ ᠶᠢᠨ ᠰᠡᠭᠦᠯᠴᠢ ᠪᠠᠷ ᠨᠢᠭᠡᠨᠲᠡ ᠪᠥᠲᠥᠭᠡᠨ ᠪᠠᠶᠢᠭᠤᠯᠵᠤ᠂ ᠵᠢᠱᠢᠯᠲᠡ ᠪᠠᠷ 12 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠠᠴᠠ 4 ᠰᠠᠷ᠎ᠠ ᠤᠷᠢᠳᠴᠢᠯᠠᠨ ᠪᠥᠲᠥᠭᠡᠨ ᠪᠠᠶᠢᠭᠤᠯᠪᠡ᠃    ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠨᠢ ᠱᠠᠩᠳᠤ ᠰᠢᠶᠠᠨ ᠤ ᠭᠤᠤᠯᠳᠠᠯᠭ᠎ᠠ ᠲᠠᠢ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠱᠠᠩᠳᠤ ᠰᠢᠶᠠᠨ ᠤ ᠬᠤᠲᠠ ᠶᠢᠨ ᠲᠣᠭᠤᠷᠢᠭ ᠲᠤ ᠲᠤᠤᠱᠯᠠᠭᠳᠠᠵᠤ ᠪᠠᠶᠢᠭ᠎ᠠ ᠭᠤᠤᠯ ᠵᠠᠮ ᠬᠠᠷᠢᠯᠴᠠᠭᠠᠨ ᠤ ᠰᠦᠯᠵᠢᠶ᠎ᠡ ᠪᠠᠶᠢᠵᠤ᠂ ᠱᠠᠩᠳᠤ ᠰᠢᠶᠠᠨ ᠤ ᠬᠤᠲᠠ ᠶᠢᠨ ᠶᠠᠪᠤᠳᠠᠯ ᠤᠨ ᠵᠠᠮ ᠤᠨ ᠰᠢᠰᠲ᠋ᠧᠮ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠲᠣᠰ ᠲᠥᠷᠥᠯ ᠵᠦᠢᠯ ᠢ ᠪᠠᠶᠢᠭᠤᠯᠤᠭᠰᠠᠨ ᠨᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠳᠠᠮᠵᠢ ᠨᠢ ᠪᠦᠷᠢᠨ ᠲᠡᠭᠦᠯᠳᠡᠷ᠂ ᠬᠤᠯᠪᠣᠯᠳᠤᠨ ᠨᠡᠪᠲᠡᠷᠡᠯᠴᠡᠬᠦ᠂ ᠳᠥᠭᠦᠮ ᠳᠥᠲᠡ ᠰᠠᠭᠠᠳ ᠥᠬᠡᠶ ᠨᠡᠪᠲᠡᠷᠡᠬᠦ ᠵᠠᠮ ᠤᠨ ᠲᠣᠤᠷ ᠤᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠤ᠂ ᠬᠤᠲᠠ ᠶᠢᠨ ᠵᠠᠮ ᠤᠨ ᠡᠷᠭᠢᠯᠲᠡ ᠶᠢ ᠨᠠᠩ ᠰᠠᠶᠢᠲᠤᠷ ᠰᠢᠯᠤᠭᠤᠳᠬᠠᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠪᠣᠯᠤᠨ᠎ᠠ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2