ᠴᠢ ᠹᠸᠢ ᠶᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄
2024/9/6
   9 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠴᠢ ᠹᠸᠢ ᠶᠦᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠰᠢᠯᠲᠠᠭᠠᠨ᠂ ᠠᠰᠠᠭᠤᠳᠠᠯ ᠤᠨ ᠵᠠᠩᠭᠢᠯᠠᠭ᠎ᠠ ᠶᠢ ᠨᠠᠷᠢᠨ ᠣᠶᠢᠯᠠᠭᠠᠵᠤ᠂ ᠤᠯᠠᠨ ᠲᠦᠮᠡᠨ ᠳᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃    ᠴᠢ ᠹᠸᠢ ᠶᠦᠨ᠂ ᠵᠠᠬᠢᠳᠠᠯ ᠰᠤᠷᠪᠤᠯᠵᠢᠯᠠᠭ᠎ᠠ ᠪᠣᠯ ︽ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ︾ ᠮᠥᠨ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠤᠷᠲᠠᠨ ᠶᠠᠷᠢᠯᠴᠠᠵᠤ᠂ ᠦᠨᠡᠨ ᠰᠡᠳᠬᠢᠯ ᠠᠴᠠ ᠪᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠵᠤ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2