| | ᠰᠠᠭᠤᠭᠠᠯᠢ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ | ᠡᠶ᠎ᠡ ᠵᠣᠬᠢᠴᠠᠯ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ | ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ | ᠠᠴᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠨᠡᠶᠢᠲᠡ 3609 ᠳᠡᠪᠲᠡᠷ ᠲᠠᠷᠬᠠᠭᠠᠵᠤ᠂ ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠭᠡᠷᠡᠴᠢ 300 ᠳᠡᠪᠲᠡᠷ ᠲᠠᠷᠬᠠᠭᠠᠪᠠ᠃ ᠰᠠᠭᠤᠭᠠᠯᠢ ᠠᠷᠠᠳ ᠴᠥᠮ ᠲᠤᠰ | ᠴᠢᠬᠤᠯᠠ ᠴᠢᠮᠡᠭᠡ ᠶᠢ ᠴᠠᠭ ᠲᠤᠬᠠᠶ ᠳᠤᠨᠢ ᠣᠯᠬᠤ ᠶᠢ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠳᠡ ᠶᠢᠨ ᠲᠥᠪ ᠠᠴᠠ ᠠᠵᠢᠯᠲᠠᠨ ᠢ ᠵᠣᠬᠢᠶᠠᠨ ᠪᠠᠶᠢᠭᠤᠯᠤᠨ ᠠᠰᠠᠭᠤᠳᠠᠯ ᠲᠠᠢ | ᠰᠠᠭᠤᠭᠠᠯᠢ ᠲᠣᠭᠤᠷᠢᠭ ᠲᠤ ᠬᠦᠷᠴᠦ ᠤᠬᠠᠭᠤᠯᠵᠤ᠂ ᠠᠯᠪᠠᠨ ᠵᠠᠷ ᠨᠠᠭᠠᠬᠤ ᠶᠢᠨ ᠬᠠᠮᠲᠤ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠢᠶᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠩ ᠣᠯᠠᠨ ᠣᠯᠠᠨ ᠲᠦᠮᠡᠨ ᠢ | ᠡᠷᠦᠬᠡ ᠬᠤᠪᠢᠶᠠᠨ ᠳᠠᠩᠰᠠᠯᠠᠭᠤᠯᠵᠤ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠬᠦᠮᠦᠰ᠂ ᠲᠤᠬᠠᠶ ᠶᠢᠨ | ᠲᠠᠯᠠᠪᠤᠷ ᠲᠤ ᠬᠦᠷᠴᠦ ᠬᠦᠢᠴᠡᠳᠬᠡᠬᠦ ᠶᠢᠨ ᠠᠷᠭ᠎ᠠ ᠥᠬᠡᠶ ᠣᠯᠠᠨ ᠲᠦᠮᠡᠨ ᠳᠤ ᠴᠢᠭᠯᠡᠭᠦᠯᠦᠨ᠂ ᠠᠵᠢᠯᠲᠠᠨ ᠬᠡᠷ ᠲᠤᠨᠢ | ᠬᠦᠷᠴᠦ ᠦᠢᠯᠡᠴᠢᠯᠡᠵᠤ᠂ ᠣᠯᠠᠨ ᠲᠦᠮᠡᠨ ᠤ ᠦᠨᠡᠮᠯᠡᠯ ᠬᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ | ᠰᠢᠢᠳᠪᠦᠷᠢᠯᠡᠪᠡ᠃ ᠯᠢᠶᠠᠩᠴᠧᠩ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ | ᠠᠷᠠᠳ ᠢᠶᠠᠷ ᠦᠨᠳᠦᠰᠦ ᠪᠣᠯᠭᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ | ᠰᠠᠭᠤᠭᠠᠯᠢ ᠲᠣᠭᠤᠷᠢᠭ ᠤᠨ ︽ᠦᠨᠡᠮᠯᠡᠯ ᠠᠪᠬᠤ ᠳᠤ ᠬᠦᠴᠢᠷᠲᠡᠶ︾ ᠲᠡᠤᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠣᠳᠣᠬᠠᠨ ᠳᠤ᠂ | ᠯᠢᠶᠠᠩᠴᠧᠩ ᠰᠢᠶᠠᠨ ᠤ 89 ᠰᠠᠭᠤᠭᠠᠯᠢ ᠲᠣᠭᠤᠷᠢᠭ ᠢ ᠨᠢᠭᠡᠨᠲᠡ ᠪᠦᠬᠦᠨ ᠢ ᠰᠢᠢᠳᠪᠦᠷᠢᠯᠡᠵᠦ᠂ ᠣᠯᠠᠨ ᠲᠦᠮᠡᠨ | ᠬᠡᠪ ᠤᠨ ᠪᠠᠶᠢᠳᠠᠯ ᠢᠶᠠᠷ ᠡᠷᠦᠬᠡ ᠬᠤᠪᠢᠶᠠᠨ ᠳᠠᠩᠰᠠᠯᠠᠵᠤ᠂ 11536 ᠭᠡᠷ ᠪᠠᠶᠢᠰᠢᠩ ᠲᠠᠢ ᠬᠤᠯᠪᠣᠭᠳᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |