| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ | 2025 ᠣᠨ ᠤ ᠬᠡᠷ ᠤᠨ ᠴᠠᠬᠢᠯᠭᠠᠨ ᠬᠡᠷᠡᠭᠰᠡᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠤᠨ ᠲᠣᠬᠢᠷᠠᠭᠤᠯᠤᠯᠲᠠ ᠶᠢᠨ | ᠲᠤᠬᠠᠶ ᠵᠠᠬᠢᠳᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠬᠡᠷ ᠤᠨ ᠴᠠᠬᠢᠯᠭᠠᠨ ᠬᠡᠷᠡᠭᠰᠡᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ | ᠨᠢᠭᠡ᠂ ᠬᠡᠷᠡᠭᠵᠢᠭᠦᠯᠬᠦ ᠴᠠᠭ ᠬᠤᠭᠤᠴᠠᠭ᠎ᠠ | 2025 ᠣᠨ ᠤ 1 ᠳ᠋ᠤᠭᠡᠷ ᠰᠠᠷ᠎ᠠ ᠶᠢᠨ 1 ᠤ ᠡᠳᠦᠷ ᠤᠨ 0 ᠴᠠᠭ ᠠᠴᠠ 12 ᠳ᠋ᠤᠭᠠᠷ ᠰᠠᠷ᠎ᠠ ᠶᠢᠨ 31 ᠤ | ᠡᠳᠦᠷ ᠤᠨ 24 ᠴᠠᠭ ᠪᠣᠯᠲᠠᠯ᠎ᠠ᠃ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠴᠠᠭ ᠢ ᠲᠦᠷ ᠲᠣᠭᠲᠠᠭᠠᠪᠠ᠄ | 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠠᠴᠠ ᠮᠠᠨ ᠤ ᠣᠷᠣᠨ ᠤ 2025 ᠣᠨ ᠤ | ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠢᠴᠢᠭ ᠮᠠᠲ᠋ᠧᠷᠢᠶᠠᠯ ᠢ ᠵᠢᠩᠬᠢᠨᠢ ᠪᠠᠷ ᠳᠠᠷᠤᠮᠠᠯᠯᠠᠨ | ᠲᠠᠷᠬᠠᠭᠠᠭᠰᠠᠨ ᠬᠦᠷᠳᠡᠯ᠎ᠡ᠃ | ᠬᠤᠶᠠᠷ᠂ ᠨᠥᠬᠦᠪᠥᠷᠢ ᠥᠭᠬᠦ ᠦᠢᠯᠡᠳᠬᠦᠨ ᠤ ᠬᠡᠪᠴᠢᠶ᠎ᠡ | ᠬᠤᠪᠢ ᠬᠥᠮᠦᠨ ᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ ︵ᠬᠠᠭᠤᠷᠠᠶ ᠬᠤᠪᠴᠠᠰᠤᠨ ᠤ ᠮᠠᠰᠢᠨ | ᠪᠠᠭᠲᠠᠨ᠎ᠠ︶᠂ ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ ︵ᠲᠡᠭᠰᠢ ᠬᠠᠪᠲᠠᠰᠤ ᠺᠣᠮᠫᠢᠦ᠋ᠲ᠋ᠧᠷ ᠪᠠᠭᠲᠠᠬᠤ | ᠥᠬᠡᠶ︶᠂ ᠤᠰᠤ ᠬᠠᠯᠠᠭᠠᠭᠴᠢ ︵ᠬᠠᠨ᠎ᠠ ᠶᠢᠨ ᠡᠯᠭᠦᠮᠡᠯ ᠵᠤᠤᠬ᠎ᠠ ᠪᠠᠭᠲᠠᠨ᠎ᠠ︶᠂ ᠬᠡᠷ ᠤᠨ ᠬᠡᠷᠡᠭᠯᠡᠭᠡᠨ ᠤ | ᠵᠤᠤᠬ᠎ᠠ ᠶᠢᠨ ᠬᠡᠷᠡᠭᠰᠡᠯ ︵ᠬᠤᠷᠠᠮᠠᠯ ᠵᠤᠤᠬ᠎ᠠ ᠶᠢ ᠪᠠᠭᠲᠠᠭᠠᠨ᠎ᠠ︶᠂ ᠲᠣᠰᠣ ᠰᠣᠷᠣᠬᠤ ᠮᠠᠰᠢᠨ ᠵᠡᠷᠭᠡ 8 ᠲᠥᠷᠥᠯ ᠤᠨ | ᠦᠢᠯᠡᠳᠭᠦᠨ ᠬᠤᠳᠠᠯᠳᠤᠨ ᠠᠪᠬᠤ ᠳᠤ ᠨᠥᠬᠦᠪᠥᠷᠢ ᠥᠭᠭᠦᠨ᠎ᠡ᠃ | ᠭᠤᠷᠪᠠ᠂ ᠨᠥᠬᠦᠪᠥᠷᠢ ᠥᠭᠬᠦ ᠪᠠᠷᠢᠮᠵᠢᠶ᠎ᠠ | ᠠᠵᠤ ᠠᠬᠤᠶᠢᠯᠠᠯ ᠤᠨ ᠳᠡᠯᠭᠡᠭᠦᠷ ᠲᠤ 8 ᠲᠥᠷᠥᠯ ᠤᠨ 1 ᠲᠠᠰ ᠤᠨ ᠡᠨᠧᠷᠭᠢ ᠶᠢᠨ ᠠᠰᠢᠭᠯᠠᠮᠵᠢ ︵ᠪᠤᠶᠤ | ᠤᠰᠤᠨ ᠤ ᠠᠰᠢᠭᠯᠠᠮᠵᠢ︶ ᠶᠢᠨ ᠦᠢᠯᠡᠳᠬᠦᠨ ᠬᠤᠳᠠᠯᠳᠤᠨ ᠠᠪᠬᠤ ᠳᠤ ᠣᠷᠣᠯᠴᠠᠵᠤ᠂ ᠪᠣᠷᠣᠯᠠᠭᠤᠯᠬᠤ ᠦᠨ᠎ᠡ | ᠬᠠᠩᠰᠢ ᠶᠢᠨ 20% ᠪᠠᠷ ᠨᠥᠬᠦᠪᠥᠷᠢ ᠥᠭᠭᠦᠨ᠎ᠡ︔ 2 ᠲᠠᠰ ᠤᠨ ᠡᠨᠧᠷᠭᠢ ᠶᠢᠨ ᠠᠰᠢᠭᠯᠠᠮᠵᠢ ︵ᠪᠤᠶᠤ ᠤᠰᠤᠨ ᠤ | ᠠᠰᠢᠭᠯᠠᠮᠵᠢ︶ ᠶᠢᠨ ᠦᠢᠯᠡᠳᠬᠦᠨ᠂ ᠪᠣᠷᠣᠯᠠᠭᠤᠯᠭ᠎ᠠ ᠶᠢᠨ ᠦᠨ᠎ᠡ ᠬᠠᠩᠰᠢ ᠶᠢᠨ 15% ᠪᠠᠷ ᠨᠥᠬᠦᠪᠥᠷᠢ ᠥᠭᠴᠦ᠂ | ᠡᠨᠧᠷᠭᠢ ᠶᠢᠨ ᠠᠰᠢᠭᠯᠠᠮᠵᠢ ᠶᠢ ᠲᠣᠭᠲᠠᠭᠠᠭᠰᠠᠨ ᠦᠭᠡᠢ ᠪᠤᠶᠤ ᠤᠰᠤᠨ ᠤ ᠠᠰᠢᠭᠯᠠᠮᠵᠢ ᠶᠢᠨ ᠦᠢᠯᠡᠳᠬᠦᠨ ᠢ | ᠳᠤᠭᠳᠠᠭᠠᠭᠰᠠᠨ ᠦᠬᠡᠢ ᠦᠢᠯᠡᠳᠬᠦᠨ ᠳᠤ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ | ᠪᠣᠷᠣᠯᠠᠭᠤᠯᠬᠤ ᠦᠨ᠎ᠡ ᠬᠠᠩᠰᠢ ᠶᠢᠨ 15% ᠪᠠᠷ ᠬᠢᠵᠠᠭᠠᠷᠯᠠᠨ᠎ᠠ᠃ ᠬᠡᠷᠡᠭᠯᠡᠭᠴᠢᠳ ᠨᠢᠭᠡᠪᠦᠷᠢ ᠶᠢᠨ ᠲᠥᠷᠥᠯ | ᠪᠦᠷᠢ ᠶᠢᠨ ᠨᠥᠬᠦᠪᠥᠷᠢ 1 ᠬᠤᠪᠢ ᠪᠠᠶᠢᠵᠤ᠂ ᠵᠦᠢᠯ ᠪᠦᠷᠢ ᠶᠢᠨ ᠨᠥᠬᠦᠪᠥᠷᠢ ᠥᠭᠬᠦ ᠲᠤᠭ᠎ᠠ ᠶᠢ 2000 | ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ | ᠳᠥᠷᠪᠡ᠂ ᠨᠥᠬᠦᠪᠥᠷᠢ ᠥᠭᠬᠦ ᠴᠤᠪᠤᠷᠠᠯ | ᠬᠡᠷᠡᠭᠯᠡᠭᠴᠢᠳ ᠶᠦᠨ ᠱᠠᠨ ᠹᠦ᠋ APP ᠳᠤ ᠳᠠᠩᠰᠠᠯᠠᠭᠰᠠᠨ ᠤ ᠳᠠᠷᠠᠭ᠎ᠠ — ︽ᠵᠠᠰᠠᠭ ᠤᠨ ᠣᠷᠳᠣᠨ ᠤ | ᠬᠡᠷᠡᠭᠯᠡᠭᠡᠨ ᠤ ᠲᠡᠮᠳᠡᠭᠲᠦ︾ ᠶᠢ ᠳᠠᠷᠤᠭᠰᠠᠨ ᠤ ᠳᠠᠷᠠᠭ᠎ᠠ — ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠬᠠᠭᠤᠳᠠᠰᠤ︾ ᠳᠤ ᠤᠷᠤᠵᠤ — | ︽ᠤᠴᠢᠵᠤ ᠠᠪᠬᠤ︾ ᠳᠤ ᠳᠠᠷᠤᠵᠤ ᠤᠷᠤᠵᠤ — ᠳᠠᠷᠤᠢ ᠬᠡᠷᠡᠭᠴᠡᠭᠡ ᠶᠣᠰᠣᠭᠠᠷ᠂ ᠲᠥᠷᠥᠯ ᠢᠶᠠᠷ ᠢᠶᠠᠨ | ᠨᠥᠬᠦᠪᠥᠷᠢ ᠶᠢᠨ ᠲᠡᠮᠳᠡᠭᠳᠤ ᠪᠠᠨ ᠠᠪᠴᠤ ᠪᠣᠯᠤᠨ᠎ᠠ᠃ | ᠬᠡᠷᠡᠭᠯᠡᠭᠴᠢᠳ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠦᠢᠯᠡᠳᠬᠦᠨ ᠢ ᠰᠣᠩᠭᠤᠨ ᠲᠣᠭᠲᠠᠭᠠᠭᠰᠠᠨ ᠤ | ᠳᠠᠷᠠᠭ᠎ᠠ᠂ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠦᠶ᠎ᠡ ᠳᠤ ᠬᠡᠷᠡᠭᠯᠡᠭᠴᠢᠳ ᠶᠦᠨ ᠱᠠᠨ ᠹᠦ᠋ ᠶᠢᠨ ᠬᠤᠶᠠᠷ | ᠬᠡᠮᠵᠢᠯᠳᠦ ᠺᠣᠳ᠋ ᠢᠶᠠᠨ ᠭᠠᠷᠭᠠᠨ ᠦᠵᠡᠭᠦᠯᠵᠦ᠂ ᠤᠷᠤᠯᠴᠠᠭᠰᠠᠨ ᠠᠵᠤ ᠠᠬᠤᠶᠢᠯᠠᠯ ︵ᠡᠭᠦᠳᠡᠨ ᠳᠡᠯᠭᠡᠭᠦᠷ︶ ᠨᠢ | POS ᠺᠣᠳ᠋ ᠰᠢᠷᠪᠢᠬᠦ ᠪᠠᠷ ᠳᠠᠮᠵᠢᠭᠤᠯᠤᠨ ᠲᠣᠭᠠᠴᠠᠭ᠎ᠠ ᠬᠢᠬᠦ︔ ᠡᠰᠡᠬᠦᠯ᠎ᠡ ᠬᠡᠷᠡᠭᠯᠡᠭᠴᠢᠳ ᠺᠠᠷᠲ ᠢᠶᠠᠷ | ᠲᠣᠭᠠᠴᠠᠭ᠎ᠠ ᠬᠢᠬᠦ ︵ᠪᠠᠩᠬᠢ ᠶᠢᠨ ᠺᠠᠷᠲ ᠢᠶᠠᠷ ᠤᠷᠢᠳᠴᠢᠯᠠᠨ ᠬᠤᠯᠪᠤᠨ ᠤᠶᠠᠵᠤ ᠥᠭᠬᠦ ᠬᠡᠷᠡᠭᠲᠡᠶ︶᠂ ᠵᠠᠰᠠᠭ ᠤᠨ | ᠣᠷᠳᠣᠨ ᠤ ᠨᠥᠬᠦᠪᠥᠷᠢ ᠶᠢᠨ ᠵᠣᠭᠤᠰ ᠤᠨ ᠲᠤᠭ᠎ᠠ ᠶᠢ ᠠᠦ᠋ᠲ᠋ᠣ᠋ ᠲᠣᠭᠠᠴᠠᠭ᠎ᠠ ᠬᠢᠬᠦ ᠶᠢᠨ ᠬᠠᠮᠲᠤ ᠬᠡᠷᠡᠭᠯᠡᠭᠴᠢᠳ ᠤᠨ | ᠶᠦᠨ ᠱᠠᠨ ᠹᠦ᠋ ᠶᠢᠨ ᠲᠠᠪᠴᠠᠩ ᠤᠨ ᠳᠣᠲᠣᠷᠠᠬᠢ ᠬᠦᠴᠦᠨ ᠪᠥᠬᠦᠶ ᠡᠯᠧᠺᠲᠷᠤᠨ ᠲᠤᠯᠭᠠᠨ ᠬᠡᠷᠡᠭᠯᠡᠬᠦ ᠲᠡᠮᠳᠡᠭᠲᠦ ᠶᠢ | ᠬᠠᠷᠭᠤᠭᠤᠯᠤᠨ ᠬᠦᠴᠦᠨ ᠥᠬᠡᠶ ᠪᠣᠯᠭᠠᠨ᠎ᠠ᠃ ᠬᠡᠷᠡᠭᠯᠡᠭᠴᠢᠳ ᠤᠨ ᠪᠣᠳᠠᠲᠠᠢ ᠥᠭᠭᠦᠭᠰᠡᠨ ᠮᠥᠩᠭᠦᠨ ᠤ ᠲᠤᠭ᠎ᠠ ᠨᠢ | ᠲᠠᠸᠠᠷ ᠤᠨ ᠪᠣᠷᠣᠯᠠᠭᠤᠯᠭ᠎ᠠ ᠶᠢᠨ ᠦᠨ᠎ᠡ ᠠᠴᠠ ᠵᠠᠰᠠᠭ ᠤᠨ ᠣᠷᠳᠣᠨ ᠤ ᠨᠥᠬᠦᠪᠥᠷᠢ ᠶᠢ ᠬᠠᠰᠤᠭᠰᠠᠨ ᠤ ᠳᠠᠷᠠᠭᠠᠬᠢ | ᠮᠥᠩᠭᠦᠨ ᠤ ᠲᠤᠭ᠎ᠠ ᠪᠣᠯᠤᠨ᠎ᠠ᠃ 1 ᠲᠡᠮᠳᠡᠭᠲᠦ ᠨᠢ ᠨᠢᠭᠡ ᠬᠠᠭᠤᠳᠠᠰᠤ ᠲᠠᠢ᠂ ᠨᠢᠭᠡ ᠳᠠᠯ᠎ᠠ ᠠᠴᠠ ᠨᠢ | ᠬᠠᠷᠭᠤᠭᠤᠯᠤᠨ ᠬᠦᠴᠦᠨ ᠦᠭᠡᠢ ᠪᠣᠯᠭᠠᠵᠤ᠂ ᠲᠥᠷᠥᠯ ᠪᠦᠷᠢ ᠶᠢᠨ ︽ᠲᠥᠷᠥᠯ ᠵᠦᠢᠯ ᠤᠨ ᠲᠡᠮᠳᠡᠭᠲᠦ︾ ᠨᠢ | ᠵᠥᠪᠬᠡᠨ 1 ᠨᠤᠭᠤᠯᠵᠤ ᠬᠠᠰᠤᠬᠤ ᠲᠡᠮᠳᠡᠭᠳᠤ ᠶᠢ ᠨᠢ ᠬᠠᠷᠭᠤᠭᠤᠯᠤᠨ ᠳᠠᠩᠰᠠᠨ ᠠᠴᠠ ᠬᠠᠰᠤᠵᠤ ᠭᠠᠷᠭᠠᠵᠤ ᠪᠣᠯᠣᠨ᠎ᠠ᠃ | ᠲᠠᠪᠤ᠂ ᠬᠡᠷᠡᠭᠯᠡᠭᠡᠨ ᠤ ᠲᠡᠮᠳᠡᠭᠲᠦ ᠶᠢᠨ ᠬᠦᠴᠦᠨ ᠲᠠᠢ ᠬᠤᠭᠤᠴᠠᠭ᠎ᠠ | ︽ᠲᠥᠷᠥᠯ ᠵᠦᠢᠯ ᠤᠨ ᠲᠡᠮᠳᠡᠭᠳᠤ︾ ᠶᠢᠨ ᠬᠦᠴᠦᠨ ᠲᠠᠢ ᠬᠤᠭᠤᠴᠠᠭ᠎ᠠ ᠨᠢ ᠭᠤᠶᠤᠴᠢᠯᠠᠨ ᠠᠪᠬᠤ ᠴᠠᠭ ᠠᠴᠠ | ᠡᠬᠢᠯᠡᠨ ᠲᠣᠰ ᠡᠳᠦᠷ ᠤᠨ 22᠄ 00 ᠴᠠᠭ ᠠᠴᠠ ᠡᠮᠦᠨ᠎ᠡ ᠥᠪᠡᠰᠦᠪᠡᠨ ᠬᠦᠴᠦᠨ ᠥᠬᠡᠶ ᠪᠣᠯᠤᠨ᠎ᠠ᠃ | ᠵᠢᠷᠭᠤᠭ᠎ᠠ᠂ ᠬᠡᠷᠡᠭᠯᠡᠬᠦ ᠳᠦᠷᠢᠮ | ︵1︶ ᠨᠥᠬᠦᠪᠥᠷᠢ ᠶᠢᠨ ᠲᠡᠮᠳᠡᠭᠲᠦ ᠬᠤᠭᠤᠴᠠᠭ᠎ᠠ ᠥᠩᠭᠡᠷᠡᠭᠡᠭᠰᠡᠨ ᠤ ᠳᠠᠷᠠᠭ᠎ᠠ᠂ ᠨᠢᠭᠡ ᠤᠳᠠᠭ᠎ᠠ ᠳᠠᠬᠢᠨ | ᠠᠪᠬᠤ ᠶᠢ ᠵᠥᠪᠰᠢᠶᠡᠷᠡᠵᠦ᠂ ᠳᠠᠬᠢᠨ ᠬᠤᠭᠤᠴᠠᠭ᠎ᠠ ᠨᠢ ᠥᠩᠭᠡᠷᠡᠭᠡᠭᠰᠡᠨ ᠤ ᠳᠠᠷᠠᠭ᠎ᠠ᠂ ᠳᠠᠬᠢᠨ ᠠᠪᠴᠤ ᠪᠣᠯᠬᠤ ᠥᠬᠡᠶ᠂ | ᠪᠥᠬᠦ ᠤᠯᠤᠰ ᠲᠤ ᠬᠢᠷᠢ ᠬᠡᠮ ᠠᠪᠴᠤ ᠪᠣᠯᠬᠤ ᠥᠬᠡᠶ᠃ | ︵2︶ ᠨᠦᠬᠦᠪᠦᠷᠢ ᠶᠢᠨ ᠲᠡᠮᠳᠡᠭᠲᠦ ᠶᠢᠨ ᠬᠠᠰᠤᠯᠳᠠ᠃ ᠬᠡᠷᠡᠭᠯᠡᠭᠴᠢᠳ ᠰᠠᠨᠠᠭᠠᠴᠢᠯᠠᠭ᠎ᠠ ᠠᠴᠠ ᠪᠠᠨ | ᠨᠥᠬᠦᠪᠥᠷᠢ ᠶᠢᠨ ᠲᠡᠮᠳᠡᠭᠲᠦ ᠶᠢ ᠬᠠᠰᠤᠵᠤ᠂ ᠨᠢᠭᠡ ᠤᠳᠠᠭ᠎ᠠ ᠳᠠᠬᠢᠨ ᠠᠪᠬᠤ ᠶᠢ ᠵᠥᠪᠰᠢᠶᠡᠷᠡᠵᠦ᠂ ᠳᠠᠬᠢᠨ | ᠬᠠᠰᠤᠭᠰᠠᠨ ᠤ ᠳᠠᠷᠠᠭ᠎ᠠ᠂ ᠳᠠᠬᠢᠨ ᠠᠪᠴᠤ ᠪᠣᠯᠬᠤ ᠥᠬᠡᠶ᠂ ᠪᠥᠬᠦ ᠤᠯᠤᠰ ᠲᠤ ᠬᠢᠷᠢ ᠬᠡᠮ ᠠᠪᠴᠤ ᠪᠣᠯᠬᠤ ᠥᠬᠡᠶ᠃ | | ︵3︶ ᠪᠠᠷᠠᠭ᠎ᠠ ᠶᠢ ᠪᠤᠴᠠᠭᠠᠬᠤ᠂ ᠪᠠᠷᠠᠭ᠎ᠠ ᠶᠢ ᠪᠤᠴᠠᠭᠠᠬᠤ ᠳᠤ ᠨᠥᠬᠦᠪᠦᠷᠢ ᠮᠥᠩᠭᠦ ᠶᠢ ᠪᠤᠴᠠᠭᠠᠬᠤ ᠦᠭᠡᠢ᠂ | ᠪᠥᠬᠦ ᠤᠯᠤᠰ ᠤᠨ ᠠᠪᠬᠤ ᠬᠢᠷᠢ ᠭᠡᠮ ᠢ ᠳᠠᠯᠪᠢᠬᠤ ᠦᠭᠡᠢ︔ | ︵4︶ ᠬᠦᠴᠦᠨ ᠦᠭᠡᠢ ᠪᠣᠯᠭᠠᠬᠤ᠂ ᠲᠤᠰ ᠡᠳᠦᠷ ᠨᠢ ᠪᠠᠷᠠᠭ᠎ᠠ ᠪᠤᠴᠠᠭᠠᠬᠤ ︵ᠳᠠᠷᠤᠢ ᠠᠷᠠᠯᠵᠢᠶ᠎ᠠ ᠶᠢ ᠬᠦᠴᠦᠨ | ᠦᠭᠡᠢ ᠪᠣᠯᠭᠠᠬᠤ︶ ᠳᠤ ᠤᠭ ᠲᠡᠮᠳᠡᠭᠳᠤ ᠢᠶᠠᠨ ᠪᠤᠴᠠᠭᠠᠨ᠎ᠠ᠃ | ︵5︶ ᠠᠳᠠᠯᠢ ᠨᠢᠭᠡᠨ ᠲᠥᠬᠦᠭᠡᠷᠦᠮᠵᠢ᠂ ᠠᠳᠠᠯᠢ ᠨᠢᠭᠡᠨ ᠳᠠᠩᠰᠠᠯᠠᠭᠤᠯᠤᠭᠰᠠᠨ ᠭᠠᠷ ᠤᠲᠠᠰᠤᠨ ᠤ ᠨᠣᠮᠧᠷ᠂ | ᠠᠳᠠᠯᠢ ᠨᠢᠭᠡᠨ ᠪᠠᠩᠬᠢ ᠶᠢᠨ ᠺᠠᠷᠲ ᠤᠨ ᠭᠠᠷ ᠤᠲᠠᠰᠤᠨ ᠤ ᠨᠣᠮᠧᠷ᠂ ᠠᠳᠠᠯᠢ ᠨᠢᠭᠡᠨ ᠪᠠᠩᠬᠢ ᠶᠢᠨ ᠪᠣᠳᠠᠲᠤ | ᠴᠣᠭᠴᠠ ᠶᠢᠨ ᠺᠠᠷᠲ ᠤᠨ ᠳ᠋ᠤᠭᠠᠷ᠂ ᠠᠳᠠᠯᠢ ᠨᠢᠭᠡᠨ ᠪᠡᠶ᠎ᠡ ᠶᠢᠨ ᠦᠨᠡᠮᠯᠡᠯ ᠤᠨ ᠨᠣᠮᠧᠷ ᠪᠤᠶᠤ ᠠᠳᠠᠯᠢ ᠨᠢᠭᠡᠨ APP | ᠲᠠᠩᠰᠠᠨ ᠨᠣᠮᠧᠷ ᠵᠡᠷᠭᠡ ᠠᠯᠢ ᠨᠢᠭᠡᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠴᠥᠮ ᠠᠳᠠᠯᠢ ᠨᠢᠭᠡᠨ ᠬᠡᠷᠡᠭᠯᠡᠭᠴᠢ ᠪᠠᠷ | ᠦᠵᠡᠨ᠎ᠡ᠃ ᠬᠡᠷᠡᠭᠯᠡᠭᠴᠢᠳ ᠲᠣᠰ ᠬᠥᠮᠦᠨ ᠤ ᠡᠯᠧᠺᠲᠷᠤᠨ ᠲᠥᠬᠦᠭᠡᠷᠦᠮᠵᠢ᠂ APP ᠶᠢᠨ ᠲᠠᠩᠰᠠᠨ ᠨᠣᠮᠧᠷ᠂ | ᠪᠠᠩᠬᠢ ᠶᠢᠨ ᠺᠠᠷᠲ᠂ ᠬᠤᠶᠠᠷ ᠬᠡᠮᠵᠢᠯᠳᠦ ᠺᠣᠳ᠋ ᠵᠡᠷᠭᠡ ᠶᠢ ᠬᠡᠷᠡᠭᠯᠡᠨ ᠪᠡᠶ᠎ᠡ ᠪᠠᠷ ᠢᠶᠠᠨ ᠳᠡᠯᠭᠡᠭᠦᠷ ᠲᠤ ᠬᠦᠷᠴᠦ | ᠣᠷᠣᠯᠴᠠᠬᠤ ᠬᠡᠷᠡᠭᠲᠡᠶ᠃ | ︵6︶ ᠣᠷᠣᠯᠴᠠᠬᠤ ᠬᠡᠷᠡᠭᠯᠡᠭᠴᠢᠳ ᠨᠢ ᠦᠨᠡᠨᠴᠢ ᠢᠲᠡᠭᠡᠮᠵᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠂ | ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠪᠤᠶᠤ ᠬᠤᠳᠠᠯ ᠬᠠᠭᠤᠷᠮᠠᠭ ᠠᠷᠠᠯᠵᠢᠶ᠎ᠠ ᠪᠠᠶᠢᠭᠤᠯᠤᠨ ᠨᠥᠬᠦᠪᠥᠷᠢ | ᠪᠡᠯᠡ ᠮᠥᠩᠭᠦ ᠶᠢ ᠮᠡᠬᠡᠯᠡᠨ ᠠᠪᠴᠤ ᠪᠣᠯᠬᠤ ᠦᠭᠡᠶ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠠᠰᠢᠭᠯᠠᠨ | ᠨᠥᠬᠦᠪᠥᠷᠢ ᠶᠢᠨ ᠲᠠᠸᠠᠷ ᠢ ᠰᠠᠷᠢᠭᠠᠯᠠᠨ ᠬᠤᠳᠠᠯᠳᠤᠵᠤ ᠪᠣᠯᠬᠤ ᠦᠭᠡᠶ᠃ ᠬᠡᠷᠪᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠣᠷᠣᠯᠴᠠᠪᠡᠯ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ | ᠨᠥᠬᠦᠪᠥᠷᠢ ᠶᠢᠨ ᠪᠡᠯᠡ ᠮᠥᠩᠭᠦ ᠶᠢ ᠨᠢ ᠨᠡᠬᠡᠮᠵᠢᠯᠡᠨ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ | ᠶᠣᠰᠣᠭᠠᠷ ᠵᠣᠬᠢᠴᠠᠩᠭᠤᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ︵7︶ ᠠᠵᠢᠯᠯᠠᠭ᠎ᠠ ᠨᠢ ᠵᠥᠪᠬᠡᠨ ᠲᠥᠯᠥᠪᠦᠷᠢ ᠶᠢ ᠠᠮᠵᠢᠯᠲᠠ ᠲᠠᠢ ᠪᠡᠶᠡᠯᠡᠭᠦᠯᠬᠦ ᠳᠤ ᠬᠢᠵᠠᠭᠠᠷᠯᠠᠨ᠎ᠠ᠂ ᠠᠮᠵᠢᠯᠲᠠ | ᠣᠯᠤᠭᠰᠠᠨ ᠦᠭᠡᠢ᠂ ᠠᠷᠠᠯᠵᠢᠶ᠎ᠠ ᠪᠠᠨ ᠪᠤᠴᠠᠭᠠᠭᠰᠠᠨ ᠪᠣᠯ ᠬᠠᠷᠠᠭᠠᠯᠵᠠᠯ ᠬᠦᠷᠲᠡᠵᠦ ᠪᠣᠯᠬᠤ ᠦᠭᠡᠢ᠃ | ︵8︶ ᠬᠡᠷᠡᠭᠯᠡᠭᠴᠢᠳ ᠨᠢᠭᠡᠨᠲᠡ ᠠᠪᠤᠭᠰᠠᠨ ᠫᠢᠶᠣᠣ ᠲᠡᠮᠳᠡᠭᠲᠦ ᠳᠤ ᠨᠠᠷᠢᠨ ᠲᠦᠷᠢᠮ ᠢ ᠪᠠᠶᠢᠴᠠᠭᠠᠨ ᠦᠵᠡᠬᠦ | ᠪᠤᠶᠤ ᠳᠤᠮᠳᠠᠳᠤ ᠤᠯᠤᠰ ᠤᠨ ᠪᠠᠩᠭᠢ ᠶᠢᠨ ᠬᠤᠯᠪᠣᠭᠠᠨ ᠤ ᠦᠢᠯᠡᠴᠢᠯᠡᠭᠡᠨ ᠤ ᠤᠲᠠᠰᠤ 95516 ᠳᠤ | ᠤᠳᠠᠰᠤᠳᠠᠵᠤ ᠬᠠᠮᠢᠭ᠎ᠠ ᠪᠦᠬᠦᠢ ᠵᠦᠢᠯ ᠢ ᠠᠰᠠᠭᠤᠨ ᠯᠠᠪᠯᠠᠵᠤ ᠪᠤᠯᠤᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |