| | ᠣᠶᠢᠷ᠎ᠠ ᠶᠢᠨ ᠵᠢᠯ ᠳᠤ᠂ ᠱᠠᠩᠳᠤ ᠰᠢᠶᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠬᠦᠴᠦᠯᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ ᠢ ᠳᠡᠰ ᠳᠡᠪᠰᠢᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ | ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠ᠃ | ᠱᠠᠩᠳᠤ ᠰᠢᠶᠠᠨ ᠳᠡᠰ ᠳᠡᠪᠰᠢᠭᠰᠡᠨ ᠵᠣᠯ ᠵᠢᠷᠭᠠᠯ ᠤᠨ ᠬᠦᠷᠢᠶᠡᠯᠡᠩ ᠢ ᠪᠠᠶᠢᠭᠤᠯᠵᠤ᠂ ᠵᠣᠯ ᠵᠢᠷᠭᠠᠯ ᠤᠨ | ᠬᠦᠷᠢᠶᠡᠯᠡᠩ ᠤᠨ ᠡᠪᠳᠡᠷᠡᠵᠦ ᠰᠦᠢᠳᠦᠭᠰᠡᠨ ᠭᠡᠷ ᠪᠠᠶᠢᠰᠢᠩ᠂ ᠵᠠᠮ ᠪᠠ ᠬᠦᠷᠢᠶ᠎ᠡ ᠬᠠᠰᠢᠶ᠎ᠠ ᠳᠤ ︽ᠭᠤᠷᠪᠠ ᠶᠢ | ᠵᠠᠰᠠᠬᠤ︾ ᠢᠨᠵᠧᠨᠧᠷᠢᠩ ᠢ ᠬᠡᠷᠡᠭᠵᠢᠭᠦᠯᠦᠭᠰᠡᠨ ᠪᠥᠭᠡᠳ ᠤᠰᠤ ᠪᠠᠷ ᠤᠷᠤᠰᠬᠠᠬᠤ ᠵᠣᠷᠯᠣᠩ᠂ ᠴᠡᠪᠡᠷ ᠡᠨᠧᠷᠭᠢ ᠪᠠᠷ | ᠳᠤᠯᠠᠭᠠᠯᠠᠭ᠎ᠠ ᠬᠠᠩᠭᠠᠬᠤ᠂ ᠨᠠᠰᠤᠲᠠᠳ ᠲᠤ ᠲᠣᠬᠢᠷᠠᠬᠤ ᠥᠭᠡᠷᠡᠴᠢᠯᠡᠯᠲᠡ ᠶᠢᠨ ︽ᠭᠤᠷᠪᠠ ᠶᠢ ᠰᠠᠶᠢᠵᠢᠷᠠᠭᠤᠯᠬᠤ︾ | ᠢᠨᠵᠧᠨᠧᠷᠢᠩ ᠢ ᠠᠬᠢᠭᠤᠯᠵᠤ᠂ ᠵᠣᠯ ᠵᠢᠷᠭᠠᠯ ᠤᠨ ᠬᠦᠷᠢᠶᠡᠯᠡᠩ ᠤᠨ ᠭᠡᠷ ᠪᠠᠶᠢᠰᠢᠩ ᠪᠠ ᠬᠦᠷᠢᠶ᠎ᠡ ᠬᠠᠰᠢᠶ᠎ᠠ ᠶᠢᠨ | ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠵᠤ᠂ ᠣᠯᠠᠨ ᠨᠡᠶᠢᠲᠡ ᠶᠢᠨ | ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢ ᠴᠢᠩᠭᠠᠳᠬᠠᠪᠠ᠃ ᠡᠭᠦᠨ ᠤ | ᠬᠠᠮᠲᠤ᠂ ᠰᠢᠶᠠᠩ ᠪᠠᠯᠭᠠᠰᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ | ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ | ᠦᠢᠯᠡᠴᠢᠯᠡᠭᠡᠨ ᠤ ᠣᠷᠣᠨ ᠪᠦᠰᠡᠵᠢᠯᠲᠡ᠂ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ᠂ ᠡᠵᠡᠩᠨᠡᠯᠲᠡ ᠶᠢᠨ | ᠨᠡᠶᠢᠭᠡᠮᠴᠢᠯᠡᠯᠲᠡ᠂ ᠰᠢᠰᠲ᠋ᠧᠮᠵᠢ ᠶᠢᠨ ᠪᠠᠷᠢᠮᠵᠢᠶᠠᠵᠢᠭᠤᠯᠤᠯᠲᠠ᠂ ᠡᠮᠴᠢᠯᠡᠭᠡᠨ ᠤ ᠢᠳᠡᠭᠡᠨ ᠤ ᠲᠦᠭᠡᠮᠡᠯᠵᠢᠯᠲᠡ ᠶᠢ | ᠪᠠᠷᠢᠮᠲᠠᠯᠠᠵᠤ᠂ ᠨᠠᠰᠤᠲᠠᠶᠢᠴᠤᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠪᠡ᠃ 2024 ᠣᠨ ᠳᠤ᠂ ᠱᠠᠩᠳᠤ | ᠰᠢᠶᠠᠨ ᠨᠡᠶᠢᠲᠡ 1654 ᠲᠦᠮᠡᠨ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠶᠢ 10 | ᠪᠡᠶᠡᠯᠡᠭᠦᠯᠵᠦ᠂ 1431 ᠲᠠᠷᠢᠶᠠᠴᠢᠨ ᠡᠷᠦᠬᠡ ᠳᠤ ᠬᠤᠯᠪᠣᠭᠳᠠᠵᠤ᠂ ᠡᠭᠦᠨ ᠳᠤ ᠵᠣᠯ ᠵᠢᠷᠭᠠᠯ ᠤᠨ ᠬᠦᠷᠢᠶᠡᠯᠡᠩ ᠤᠨ | ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠶ ᠪᠣᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠥᠪ 6 ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |