| | ᠤᠶᠢᠷ᠎ᠡ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠨᠠᠷᠢᠨ ᠨᠢᠮᠪᠠᠢ | ᠵᠣᠬᠢᠶᠠᠨ ᠪᠠᠶᠢᠭᠤᠯᠤᠭᠰᠠᠨ ᠪᠦᠬᠦ ᠤᠯᠤᠰ ᠤᠨ ᠵᠠᠭᠤᠨ ᠣᠶᠤᠲᠠᠨ ᠥᠪᠥᠷ ᠮᠣᠩᠭᠤᠯ ᠤᠨ ᠡᠪᠦᠯ ᠤᠨ ᠤᠯᠠᠷᠢᠯ ᠤᠨ | ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠯᠬᠦᠮ ᠯᠢᠶᠠᠩᠴᠧᠩ ᠰᠢᠶᠠᠨ ᠳᠤ ᠢᠷᠡᠵᠤ᠂ ᠲᠤᠰ ᠤᠳᠠᠭᠠᠨ ᠤ 4 | ᠡᠳᠦᠷ ᠤᠨ ᠬᠤᠭᠤᠴᠠᠭ᠎ᠠ ᠲᠠᠢ ᠰᠤᠳᠤᠯᠤᠨ ᠰᠤᠷᠤᠯᠴᠠᠬᠤ ᠠᠶᠠᠯᠠᠯ ᠨᠢ 1 ᠰᠠᠷ᠎ᠠ ᠶᠢᠨ 9 ᠤ ᠡᠳᠦᠷ ᠠᠴᠠ 12 ᠤ | ᠡᠳᠦᠷ ᠪᠣᠯᠲᠠᠯ᠎ᠠ ᠲᠡᠭᠦᠰ ᠠᠮᠵᠢᠯᠲᠠ ᠲᠠᠢ ᠲᠡᠭᠦᠰᠪᠡ᠃ ᠡᠨᠡ ᠬᠦ ᠣᠬᠤᠷᠬᠠᠨ ᠬᠤᠭᠤᠴᠠᠭᠠᠨ ᠤ ᠲᠡᠭᠦᠯᠳᠡᠷᠵᠢᠭᠰᠡᠨ | ᠴᠠᠭ ᠮᠥᠴᠡ ᠳᠤ᠂ ᠰᠤᠷᠤᠭᠴᠢᠳ ᠯᠢᠶᠠᠩᠴᠧᠩ ᠰᠢᠶᠠᠨ ᠤ ᠮᠥᠰᠥ ᠴᠠᠰᠤᠨ ᠤ ᠥᠩᠭᠡ ᠦᠵᠡᠮᠵᠢ ᠪᠣᠯᠤᠨ | ᠰᠣᠶᠣᠯ ᠤᠨ ᠠᠭᠤᠯᠬᠤᠨ ᠢ ᠭᠦᠨᠵᠡᠭᠡᠶ ᠪᠡᠶᠡᠴᠢᠯᠡᠨ ᠣᠶᠢᠯᠠᠭᠠᠵᠤ᠂ ᠤᠷᠢᠳ ᠬᠤᠵᠢᠳ ᠯᠢᠶᠠᠩᠴᠧᠩ ᠤᠨ ᠣᠯᠠᠨ | ᠤᠯᠤᠰ ᠤᠨ ᠴᠠᠰᠤᠨ ᠳᠤ ᠭᠤᠯᠭᠤᠬᠤ ᠲᠠᠯᠠᠪᠠᠶ᠂ ᠬᠠᠯᠠᠭᠤᠨ ᠷᠠᠰᠢᠶᠠᠨ ᠵᠡᠷᠭᠡ ᠭᠠᠵᠠᠷ ᠢ ᠰᠤᠷᠪᠤᠯᠵᠢᠯᠠᠵᠤ᠂ ︽ | ᠴᠠᠰᠤᠨ ᠳᠤ ᠭᠤᠯᠭᠤᠬᠤ ᠬᠠᠯᠠᠭᠤᠨ ᠷᠠᠰᠢᠶᠠᠨ ᠳᠤ ᠤᠷᠤᠬᠤ᠂ ᠡᠪᠦᠯ ᠤᠨ ᠤᠯᠠᠷᠢᠯ ᠢ ᠲᠠᠭᠠᠯᠠᠮᠵᠢᠲᠠᠶ ᠥᠩᠭᠡᠷᠡᠭᠦᠯᠬᠦ︾ | ᠪᠠᠶᠠᠷ ᠪᠠᠭ᠋ᠠᠳᠤᠯ ᠢ ᠬᠦᠷᠲᠡᠪᠡ᠃ | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠥᠪᠥᠷ ᠮᠣᠩᠭᠤᠯ ᠤᠨ ᠡᠯᠪᠡᠭ ᠪᠠᠶᠠᠯᠢᠭ ᠡᠪᠦᠯ ᠤᠨ | ᠤᠯᠠᠷᠢᠯ ᠤᠨ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ᠂ ᠥᠪᠡᠷᠮᠢᠴᠡ ᠣᠨᠴᠠᠯᠢᠭ ᠲᠠᠢ ︽1 + 6︾ | ᠥᠪᠥᠷ ᠮᠣᠩᠭᠤᠯ ᠤᠨ ᠡᠪᠦᠯ ᠤᠨ ᠤᠯᠠᠷᠢᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ | ᠪᠣᠶ ᠪᠣᠯᠭᠠᠬᠤ ᠶᠢᠨ ᠲᠥᠯᠥᠭᠡ ᠶᠤᠮ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠤᠶᠤᠲᠠᠳ ᠤᠨ | ᠲᠥᠯᠥᠭᠡᠯᠡᠭᠴᠢᠳ ᠠᠶᠠᠨ ᠵᠠᠮ ᠳᠠᠭᠠᠨ ᠪᠠᠶᠠᠷᠯᠠᠨ ᠢᠨᠢᠶᠡᠯᠴᠡᠵᠦ᠂ ᠪᠠᠰᠠ ᠥᠪᠡᠷ ᠤᠨ ᠵᠠᠭᠤᠴᠢᠯᠠᠭᠤᠷ ᠤᠨ | ᠤᠬᠠᠭᠤᠯᠭ᠎ᠠ ᠶᠢᠨ ᠵᠢᠭᠰᠠᠭᠠᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ | ᠬᠠᠷᠠᠭᠠᠰᠤ ᠪᠣᠯᠤᠨ ᠲᠠᠭᠤᠨ ᠢᠶᠠᠷ ᠳᠠᠮᠵᠢᠭᠤᠯᠤᠨ᠂ ᠯᠢᠶᠠᠩᠴᠧᠩ ᠤᠨ ᠦᠵᠡᠰᠬᠦᠯᠡᠩᠲᠦ ᠰᠠᠶᠢᠬᠠᠨ ᠪᠣᠯᠤᠨ ᠷᠢᠳᠢ | ᠰᠢᠳᠢ ᠶᠢ ᠨᠠᠩ ᠣᠯᠠᠨ ᠬᠥᠮᠦᠨ ᠳᠤ ᠳᠠᠮᠵᠢᠭᠤᠯᠵᠤ᠂ ᠡᠭᠦᠨ ᠢᠶᠠᠷ ᠢᠨᠲ᠋ᠧᠷ ᠰᠦᠯᠵᠢᠶᠡᠨ ᠤ ᠤᠷᠤᠰᠬᠠᠯ ᠤᠨ | ᠲᠤᠯᠭᠠᠭᠤᠷᠢᠯᠠᠯ ᠢ ᠬᠥᠳᠡᠯᠭᠡᠵᠦ᠂ ᠤᠷᠤᠰᠬᠠᠯ ᠤᠨ ᠬᠡᠮᠵᠢᠶ᠎ᠡ ᠶᠢ ᠤᠳᠠᠭᠠᠨ ᠳᠠᠭᠠᠭᠠᠮᠠᠭᠠᠶ ︽ᠦᠯᠡᠳᠡᠬᠦ ᠬᠡᠮᠵᠢᠶ᠎ᠡ︾ | ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠪᠣᠯᠤᠨ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |