ᠭᠠᠳᠠᠷ ᠣᠷᠣᠨ ᠤ ᠵᠢᠭᠤᠯᠴᠢᠯᠠᠭᠴᠢᠳ ᠤᠯᠠᠭᠠᠨᠴᠠᠪ ᠲᠤ ᠢᠷᠡᠵᠦ ᠡᠪᠦᠯ ᠤᠨ ᠤᠯᠠᠷᠢᠯ ᠤᠨ ᠪᠠᠶᠠᠷ ᠪᠠᠭ᠋ᠠᠳᠤᠯ ᠢ ᠰᠣᠨᠢᠷᠬᠠᠪᠠ
ᠨᠡᠶᠢᠲᠡᠯᠡᠭᠰᠡᠨ ᠴᠠᠭ᠄
2025/1/14
   
 
     ᠡᠪᠦᠯ ᠤᠷᠤᠭᠰᠠᠨ ᠠᠴᠠ ᠨᠠᠰᠢ᠂ ᠮᠥᠰᠥ ᠴᠠᠰᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠭᠠᠳᠠᠨ᠎ᠠ ᠣᠷᠣᠨ ᠤ ᠵᠤᠭᠠᠴᠠᠭᠰᠠᠳ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃    2024 — 2025 ᠮᠥᠰᠥ ᠴᠠᠰᠤᠨ ᠤ ᠤᠯᠠᠷᠢᠯ ᠳᠤ᠂ ᠮᠠᠨ ᠤ ᠬᠤᠲᠠ ︽ᠥᠪᠥᠷ ᠮᠣᠩᠭᠤᠯ ᠳᠤ ᠳᠠᠭᠤᠤ ᠨᠠᠶᠢᠷ ᠢᠶᠠᠷ ᠵᠤᠭᠠᠴᠠᠵᠤ · ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠢᠶᠠᠷ ᠭᠤᠤᠯ ᠱᠣᠭᠤᠮ ᠪᠣᠯᠭᠠᠵᠤ᠂ ︽ᠥᠪᠥᠷ ᠮᠣᠩᠭᠤᠯ ᠠᠴᠠ ᠢᠷᠡᠭᠰᠡᠨ ᠮᠥᠰᠥ ᠴᠠᠰᠤᠨ ᠤ ᠤᠷᠢᠯᠭ᠎ᠠ · ᠭᠠᠯᠲᠤ ᠠᠭᠤᠯᠠ᠂ ᠴᠠᠰᠤᠨ ᠳᠤ ᠭᠤᠯᠭᠤᠬᠤ︾ ᠪᠠᠷ ᠭᠤᠤᠯ ᠰᠡᠳᠦᠪ ᠪᠣᠯᠭᠠᠵᠤ᠂ ᠤᠯᠠᠭᠠᠨᠬᠠᠳᠠ ᠶᠢᠨ ᠭᠠᠯᠲᠤ ᠠᠭᠤᠯᠠᠨ ᠳᠤ ᠭᠠᠷᠬᠤ᠂ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠶ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠢᠶᠠᠷ ᠲᠦᠰᠢᠭ ᠪᠣᠯᠭᠠᠵᠤ᠂ ︽ᠣᠳᠣᠨ ᠢ ᠰᠣᠨᠢᠷᠬᠠᠬᠤ᠂ ᠰᠠᠷ᠎ᠠ ᠰᠣᠨᠢᠷᠬᠠᠬᠤ᠂ ᠭᠠᠯᠲᠤ ᠠᠭᠤᠯᠠ ᠪᠠᠷ ᠵᠤᠭᠠᠴᠠᠬᠤ︾᠂ ︽ᠴᠠᠰᠤᠨ ᠳᠤ ᠭᠤᠯᠭᠤᠬᠤ᠂ ᠠᠮᠲᠠᠲᠤ ᠢᠳᠡᠭᠡᠨ᠂ ᠬᠠᠯᠠᠭᠤᠨ ᠷᠠᠰᠢᠶᠠᠨ︾ ᠵᠡᠷᠭᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠦᠵᠡᠮᠵᠢ ᠶᠢᠨ ᠣᠷᠣᠨ᠂ ᠠᠮᠢ ᠠᠬᠤᠶ᠂ ᠡᠷᠡᠭᠦᠯᠵᠢᠯ ᠰᠤᠪᠢᠯᠠᠯᠲᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠣᠯᠠᠨ ᠡᠰᠢᠵᠢᠭᠰᠡᠨ ᠪᠠᠶᠢᠳᠠᠯ ᠢ ᠪᠣᠶ ᠪᠣᠯᠭᠠᠵᠤ᠂ ᠮᠥᠰᠥ ᠴᠠᠰᠤᠨ ᠤ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠮᠥᠰᠥ ᠴᠠᠰᠤᠨ ᠤ ᠵᠢᠭᠤᠯᠴᠢᠯᠠᠯ ᠢ ᠠᠬᠢᠭᠤᠯᠪᠠ᠃                ᠵᠣᠬᠢᠶᠠᠭᠴᠢ᠄ ᠯᠢᠦ ᡁᠢ ᠱᠤᠸᠠᠢ  ᠵᠧᠤ ᠸᠧᠶ ᠪᠢᠩ                ᠤᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2