ᠬᠤᠸᠠᠳᠧ ᠰᠢᠶᠠᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨᠴᠠᠭᠠᠢ ᠳᠡᠳᠬᠦᠨ ᠳᠡᠮᠵᠢᠬᠦ ᠭᠡᠷ ᠪᠦᠯᠢ  ᠶᠢᠨ ᠴᠠᠭᠠᠨ ᠰᠠᠷ᠎ᠠ ᠶᠢᠨ ᠲᠡᠳᠬᠦᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
       ᠴᠠᠭᠠᠨ ᠰᠠᠷ᠎ᠠ ᠣᠶᠢᠷᠠᠳᠴᠤ᠂ ᠲᠥᠯᠥᠪᠯᠡᠭᠡᠳᠦ ᠦᠷᠡᠵᠢᠯ ᠤᠨ ᠣᠨᠴᠠᠭᠠᠢ ᠳᠡᠳᠬᠦᠨ ᠳᠡᠮᠵᠢᠬᠦ ᠭᠡᠷ ᠪᠦᠯᠢ ᠶᠢ ᠬᠠᠷᠠᠭᠠᠯᠵᠠᠬᠤ ᠠᠵᠢᠯ ᠢ ᠰᠠᠶᠢᠳᠤᠷ ᠬᠢᠬᠦ ᠶᠢᠨ ᠲᠥᠯᠥᠭᠡ᠂ 1 ᠰᠠᠷ᠎ᠠ ᠶᠢᠨ 13 ᠤ ᠡᠳᠦᠷ᠂ ᠬᠤᠸᠠᠳᠧ ᠰᠢᠶᠠᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠴᠠᠭᠠᠨ ᠰᠠᠷ᠎ᠠ ᠠᠴᠠ ᠡᠮᠦᠨᠡᠬᠢ ᠣᠨᠴᠠᠭᠠᠢ ᠭᠡᠷ ᠪᠦᠯᠢ ᠶᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    ᠲᠣᠬᠤᠨᠢᠭᠤᠯᠬᠤ ᠳᠤᠭᠤᠶᠢᠯᠠᠩ ᠡᠯ᠎ᠡ ᠰᠢᠶᠠᠩ ᠪᠠᠯᠭᠠᠰᠤ ᠵᠢᠴᠢ ᠲᠣᠰᠬᠤᠨ ᠳᠤ ᠰᠠᠭᠤᠵᠤ ᠪᠠᠶᠢᠭ᠎ᠠ ᠣᠨᠴᠠᠭᠠᠢ ᠲᠡᠳᠬᠦᠨ ᠳᠡᠮᠵᠢᠬᠦ ᠭᠡᠷ ᠪᠦᠯᠢ ᠪᠣᠯᠤᠨ ᠬᠤᠪᠢ ᠬᠥᠮᠦᠨ ᠢ ᠲᠤᠰ ᠲᠤᠰ ᠰᠤᠷᠪᠤᠯᠵᠢᠯᠠᠨ ᠲᠣᠬᠤᠨᠢᠭᠤᠯᠪᠠ᠃ ᠡᠷᠬᠢᠨ ᠦᠵᠡᠬᠦ ᠳᠡᠭᠡᠨ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯᠲᠠᠳ ᠭᠠᠭᠴᠠ ᠬᠡᠤᠬᠡᠳ ᠢᠶᠠᠨ ᠠᠯᠳᠠᠭᠰᠠᠨ᠂ ᠵᠡᠮᠳᠡᠭ ᠬᠡᠷ ᠪᠦᠯᠢ ᠪᠠ ᠬᠤᠪᠢ ᠬᠥᠮᠦᠨ ᠳᠤ ᠲᠣᠰ ᠲᠣᠰ ︽ᠬᠠᠶᠢᠷ᠎ᠠ ᠶᠢᠨ ᠬᠥᠪᠥᠩ ᠬᠥᠨᠵᠢᠯᠡ︾ ︽ᠬᠠᠶᠢᠷ᠎ᠠ ᠶᠢᠨ ᠪᠣᠭᠴᠣ︾ ᠪᠠ ︽ᠬᠡᠷ ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠬᠡᠨ ᠤ ᠪᠣᠭᠴᠣ︾ ᠬᠦᠷᠭᠡᠭᠰᠡᠨ ᠪᠥᠭᠡᠳ ᠳᠣᠲᠣᠨᠣ ᠮᠡᠨᠳᠦᠴᠢᠯᠡᠯ ᠢᠶᠠᠨ ᠢᠯᠡᠳᠬᠡᠵᠦ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠤ ᠥᠭᠭᠦᠭᠰᠡᠨ ᠪᠥᠭᠡᠳ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠣᠨᠴᠠᠭᠠᠶ ᠳᠡᠳᠬᠦᠨ ᠳᠡᠮᠵᠢᠬᠦ ᠬᠡᠷ ᠪᠦᠯᠢ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠭᠡᠨ᠎ᠡ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠪᠥᠬᠦ ᠰᠢᠶᠠᠨ ᠤ ᠭᠠᠭᠴᠠ ᠬᠡᠤᠬᠡᠳ ᠢᠶᠠᠨ ᠠᠯᠳᠠᠭᠰᠠᠨ᠂ ᠵᠡᠮᠳᠡᠭ ᠬᠡᠷ ᠪᠦᠯᠢ ᠪᠠ ᠬᠤᠪᠢ ᠬᠥᠮᠦᠨ ᠳᠤ ᠴᠠᠭᠠᠨ ᠰᠠᠷ᠎ᠠ ᠶᠢᠨ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠨᠡᠶᠢᠲᠡ 113000 ᠲᠥᠭᠦᠷᠢᠭ ᠲᠠᠷᠬᠠᠭᠠᠪᠠ᠃ ᠲᠡᠳᠡᠨ ᠤ ᠣᠶᠤᠨ ᠰᠠᠨᠠᠭᠠᠨ ᠤ ᠲᠠᠶᠢᠳᠬᠤᠷᠠᠭᠤᠯᠤᠯ ᠪᠠ ᠠᠮᠢᠳᠤᠷᠠᠯ ᠤᠨ ᠲᠠᠯ᠎ᠠ ᠪᠠᠷ ᠬᠢ ᠬᠠᠯᠠᠮᠵᠢᠯᠠᠯ ᠢ ᠠᠪᠴᠢᠷᠠᠵᠤ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠨᠠᠮ ᠪᠠ ᠣᠯᠠᠨ ᠲᠦᠮᠡᠨ ᠤ ᠬᠤᠭᠤᠷᠣᠨᠳᠣᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2