| | ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ ᠤᠨ ᠬᠦᠷᠢᠶᠡᠨ ᠳᠠᠬᠢ ᠠᠶᠤᠯᠬᠦᠢ ᠶᠢᠨ ᠬᠠᠮᠢᠶᠠᠷᠤᠯᠲᠠ ᠶᠢ | ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠸᠠᠳᠧ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠬᠡᠪᠴᠢᠶᠡᠨ ᠳᠠᠬᠢ ᠠᠶᠤᠯᠲᠠᠶ ᠬᠢᠮᠢ ᠶᠢᠨ ᠪᠣᠳᠠᠰ᠂ ᠬᠤᠸᠠᠷ | ᠫᠤᠤᠵᠢᠩ ᠤᠨ ᠠᠵᠤ ᠠᠬᠤᠶᠢᠯᠠᠯ ᠳᠤ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ | ᠲᠤᠰᠬᠠᠶ ᠵᠢᠭᠰᠠᠭᠠᠨ ᠪᠠᠶᠢᠴᠠᠭᠠᠵᠤ ᠵᠢᠯᠣᠭᠤᠳᠬᠤ ᠠᠵᠢᠯ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠨᠢ ᠴᠠᠭᠠᠨ ᠰᠠᠷ᠎ᠠ ᠠᠴᠠ ᠡᠮᠦᠨᠡᠬᠢ ᠠᠶᠤᠯᠲᠠᠶ ᠬᠢᠮᠢ ᠶᠢᠨ ᠪᠣᠳᠠᠰ᠂ ᠬᠤᠸᠠᠷ | ᠫᠤᠤᠵᠢᠩ ᠤᠨ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ | ᠪᠠᠶᠢᠷᠢᠯᠠᠭᠤᠯᠤᠯᠲᠠ᠂ ᠣᠨᠴᠠᠭᠠᠶ ᠠᠵᠢᠯ ᠥᠷᠨᠢᠭᠦᠯᠬᠦ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠵᠢᠴᠢ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ᠂ ᠠᠶᠤᠯᠲᠠᠶ ᠬᠢᠮᠢ ᠶᠢᠨ ᠪᠣᠳᠠᠰ ᠤᠨ ᠰᠠᠪᠠ ᠶᠢᠨ | ᠲᠣᠭᠤᠷᠢᠭ ᠪᠠ ᠬᠠᠳᠠᠭᠠᠯᠠᠬᠤ ᠲᠠᠯᠠᠪᠤᠷ ᠤᠨ ᠬᠠᠮᠢᠶᠠᠷᠤᠯᠲᠠ᠂ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ | ᠳᠡᠯᠭᠡᠭᠦᠷ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠵᠡᠷᠭᠡ ᠪᠠᠶᠢᠳᠠᠯ ᠤᠨ ᠲᠣᠭᠤᠷᠢᠨ ᠳᠤ ᠭᠤᠤᠯᠳᠠᠯᠭ᠎ᠠ ᠲᠠᠢ | ᠠᠮᠤᠷ ᠲᠦᠪᠰᠢᠨ ᠤ ᠪᠠᠶᠢᠴᠠᠭᠠᠯᠲᠠ ᠬᠢᠪᠠ᠃ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠤᠷ ᠲᠤ ᠪᠠᠶᠢᠴᠠᠭᠠᠨ | ᠦᠵᠡᠬᠦ᠂ ᠠᠵᠢᠯᠲᠠᠨ ᠢ ᠯᠠᠪᠯᠠᠨ ᠠᠰᠠᠭᠤᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ | ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠳᠣᠬᠢ ᠪᠠᠶᠢᠳᠠᠯ ᠢ ᠭᠦᠨᠵᠡᠭᠡᠶ ᠣᠶᠢᠯᠠᠭᠠᠵᠤ᠂ | ᠠᠶᠤᠯ ᠲᠦᠭᠰᠢᠭᠦᠷᠢ ᠶᠢᠨ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠪᠡ᠃ | ᠪᠠᠶᠢᠴᠠᠭᠠᠬᠤ ᠳᠤᠭᠤᠶᠢᠯᠠᠩ ᠠᠴᠠ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠭᠡᠮ ᠰᠣᠭᠤᠭ ᠢ ᠥᠪᠡᠷ ᠢᠶᠠᠨ | ᠪᠠᠶᠢᠴᠠᠭᠠᠵᠤ ᠥᠪᠡᠷ ᠢᠶᠠᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ | ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠡᠯᠵᠢ ᠳᠠᠭᠠᠭᠤᠯᠬᠤ ᠤᠳᠤᠷᠢᠳᠤᠯᠭ᠎ᠠ᠂ | ᠵᠢᠵᠢᠭᠦᠷᠯᠡᠭᠴᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ | ᠪᠦᠲᠦᠮᠵᠢᠲᠡᠢ ᠬᠠᠮᠢᠶᠠᠷᠤᠨ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ | ᠪᠠᠶᠠᠷ ᠤᠨ ᠡᠳᠦᠷ ᠤᠨ ᠠᠮᠤᠷ ᠲᠦᠪᠰᠢᠨ ᠢ ᠪᠠᠲᠤᠯᠠᠵᠤ᠂ ᠪᠦᠬᠦ ᠰᠢᠶᠠᠨ ᠤ ᠠᠷᠠᠳ ᠤᠯᠠᠨ ᠳᠤ ᠪᠠᠶᠠᠷ | ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ ᠥᠭᠬᠦ ᠬᠡᠷᠡᠭᠲᠡᠢ | ᠭᠡᠵᠦ ᠱᠠᠭᠠᠷᠳᠠᠪᠠ᠃ | ᠣᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |