ᠴᠢ ᠹᠸᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠡᠭᠦᠷᠭᠡ ᠬᠠᠷᠠᠯᠲᠠ ᠪᠠᠨ ᠨᠠᠷᠢᠨ ᠨᠢᠮᠪᠠᠶ ᠨᠠᠶᠢᠳᠠᠪᠤᠷᠢᠵᠢᠭᠤᠯᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2025/1/16
   1 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃     ᠴᠢ ᠹᠸᠢ ᠶᠦᠨ ᠬᠡᠯᠡᠬᠦ ᠳᠡᠭᠡᠨ᠂ ᠸᠠᠩ ᠯᠢ ᠰᠢᠶᠠ ᠲᠡᠷᠢᠭᠦᠯᠡᠭᠴᠢ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠥᠩᠭᠡᠷᠡᠭᠰᠡᠨ ᠨᠢᠭᠡ ᠵᠢᠯ ᠤᠨ ᠪᠥᠬᠦ ᠣᠷᠣᠨ ᠤ ᠣᠯᠤᠭᠰᠠᠨ ᠬᠢᠯᠠᠰ ᠴᠡᠭ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ 11 ᠲᠠᠯ᠎ᠠ ᠠᠴᠠ ᠡᠨᠡ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠬᠠᠷᠠᠯᠲᠠ ᠲᠣᠳᠣᠷᠬᠠᠶ᠂ ᠠᠷᠭ᠎ᠠ ᠵᠠᠮ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠪᠠᠷ ᠴᠢᠷᠮᠠᠶᠢᠬᠤ᠂ ᠬᠥᠭᠵᠢᠯᠲᠡ ᠶᠢ ᠠᠳᠬᠤᠬᠤ ᠡᠷᠡᠰ ᠵᠣᠷᠢᠭ ᠢ ᠢᠯᠡᠷᠡᠭᠦᠯᠵᠦ᠂ ᠲᠦᠢᠯ ᠤᠨ ᠴᠢᠩᠭ᠎ᠠ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠢᠯᠡᠳᠬᠡᠯ ᠪᠣᠯᠣᠨ᠎ᠠ ᠭᠡᠵᠡᠢ᠃     ᠴᠢ ᠹᠸᠢ ᠶᠦᠨ ᠬᠡᠯᠡᠬᠦ ᠳᠡᠭᠡᠨ᠂ ᠰᠢᠨ᠎ᠡ ᠨᠢᠭᠡ ᠵᠢᠯ ᠳᠤ᠂ ᠤᠯᠠᠭᠠᠨᠴᠠᠪ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ ᠲᠦᠷᠦᠯ ᠵᠦᠢᠯ ᠢ ᠤᠨᠢᠨ ᠳᠡᠭᠡᠷ᠎ᠡ ᠨᠢ ᠲᠥᠯᠥᠪᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠡᠬᠢᠯᠡᠭᠦᠯᠵᠦ᠂ ᠡᠷᠲᠡ ᠪᠦᠳᠦᠭᠡᠨ ᠪᠠᠶᠢᠭᠤᠯᠵᠤ᠂ ᠡᠷᠲᠡ ᠦᠢᠯᠡᠳᠪᠦᠷᠢᠯᠡᠯ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠲᠡᠮᠦᠷ ᠤᠨ ᠬᠠᠶᠢᠯᠤᠰᠢ᠂ ᠪᠤᠳᠤᠬᠤ ᠬᠦᠴᠦᠨ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠬᠡᠷᠡᠭᠯᠡᠭᠡ ᠶᠢ ᠬᠦᠴᠦᠯᠡᠨ ᠬᠥᠭᠵᠢᠭᠡᠵᠦ᠂ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠣᠬᠢᠷᠲᠤᠯ ᠥᠬᠡᠶ ᠴᠠᠬᠢᠯᠭᠠᠨ᠂ ᠪᠣᠬᠢᠷᠲᠤᠯ ᠥᠬᠡᠶ ᠪᠤᠳᠤᠬᠤ ᠬᠦᠴᠦᠨ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠦᠨᠡᠨᠬᠦ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠬᠤ ᠬᠡᠷᠡᠭᠲᠡᠢ᠃ ᠨᠢᠭᠡ ᠪᠦᠯᠦᠭ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠠᠷᠠᠳ ᠤᠯᠠᠨ ᠳᠤ ᠨᠡᠶᠢᠭᠡᠮ ᠤᠨ ᠬᠥᠭᠵᠢᠯᠲᠡ ᠠᠴᠠ ᠪᠣᠯᠤᠭᠰᠠᠨ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢ ᠦᠨᠡᠨ ᠪᠣᠳᠠᠲᠠᠢ ᠮᠡᠳᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠢᠮᠠᠭᠲᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ ᠭᠡᠪᠡ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2