ᠯᠢᠶᠠᠩᠴᠧᠩ ᠰᠢᠶᠠᠨ 2025 ᠣᠨ ᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ︽ᠡᠪᠦᠯ ᠢ ᠳᠤᠯᠠᠭᠠᠴᠠᠭᠤᠯᠬᠤ ᠠᠵᠢᠯᠯᠠᠭ᠎ᠠ︾ ᠶᠢ ᠡᠬᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/16
       ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ ᠵᠠᠯᠠᠭᠤᠴᠤᠳ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠠᠶᠠᠨᠴᠢᠳ ᠤᠨ ᠠᠮᠤᠷ ᠲᠦᠪᠰᠢᠨ᠂ ᠳᠥᠭᠦᠮ ᠳᠥᠲᠡ᠂ ᠰᠠᠭᠠᠳ ᠦᠭᠡᠢ ᠠᠶᠠᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠡᠳᠡᠨ ᠢ ᠵᠣᠬᠢᠶᠠᠨ ᠪᠠᠶᠢᠭᠤᠯᠤᠨ ᠠᠶᠠᠨᠴᠢᠳ ᠤᠨ ᠵᠥᠭᠡᠭᠡᠪᠦᠷᠢ ᠶᠢᠨ ᠦᠷᠳᠡᠭᠡ ᠳᠤ ︽ᠡᠪᠦᠯ ᠢ ᠳᠤᠯᠠᠭᠠᠴᠠᠭᠤᠯᠬᠤ ᠠᠵᠢᠯᠯᠠᠭ᠎ᠠ︾ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠢᠬᠦ ᠶᠢᠨ ᠲᠦᠯᠦᠬᠡ᠂ 1 ᠰᠠᠷ᠎ᠠ ᠶᠢᠨ 15 ᠤ ᠡᠳᠦᠷ᠂ ᠯᠢᠶᠠᠩᠴᠧᠩ ᠰᠢᠶᠠᠨ 2025 ᠣᠨ ᠤ ᠰᠠᠶᠢᠨ ᠳᠤᠷ᠎ᠠ ᠶᠢᠨ ᠵᠠᠯᠠᠭᠤᠴᠤᠳ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ︽ᠡᠪᠦᠯ ᠢ ᠳᠤᠯᠠᠭᠠᠴᠠᠭᠤᠯᠬᠤ ᠠᠵᠢᠯᠯᠠᠭ᠎ᠠ︾ ᠶᠢ ᠡᠬᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ 2025 ᠣᠨ ᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠳᠤ ᠦᠢᠯᠡᠴᠢᠯᠡᠬᠦ ︽ᠡᠪᠦᠯ ᠢ ᠳᠤᠯᠠᠭᠠᠴᠠᠭᠤᠯᠬᠤ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠰᠠᠶᠢᠨ ᠳᠤᠷ᠎ᠠ ᠶᠢᠨ ᠵᠠᠯᠠᠭᠤᠴᠤᠳ ᠢ ᠳᠠᠶᠢᠴᠢᠯᠠᠨ ᠳᠠᠭᠠᠭᠤᠯᠵᠤ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠠᠯᠠᠭᠤᠨ ᠳᠤᠯᠠᠭᠠᠨ᠂ ᠲᠠᠭᠠᠯᠠᠮᠵᠢᠲᠠᠢ᠂ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠪᠠ ᠨᠤᠲᠤᠭ ᠲᠠᠭᠠᠨ ᠪᠤᠴᠠᠬᠤ ᠣᠷᠴᠢᠨ ᠲᠣᠭᠤᠷᠢᠨ ᠢ ᠪᠤᠢ ᠪᠣᠯᠭᠠᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2