1 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠪᠠ᠃ | ᠵᠧᠦ ᠺᠠᠶ᠂ ᠸᠠᠩ ᠯᠢ ᠰᠢᠶᠠ ᠲᠡᠷᠢᠭᠦᠯᠡᠭᠴᠢ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ | ᠠᠮᠵᠢᠯᠲᠠ ᠪᠦᠲᠦᠮᠵᠢ ᠪᠠᠨ ᠪᠤᠰᠤᠳᠴᠢ ᠪᠥᠭᠡᠳ ᠦᠨᠡᠨ ᠪᠣᠳᠠᠲᠠᠶ ᠳ᠋ᠦᠩᠨᠡᠵᠦ᠂ ᠬᠥᠮᠦᠰ ᠢ ᠵᠣᠷᠢᠭᠵᠢᠭᠤᠯᠵᠤ᠂ ᠪᠥᠬᠦ | ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠢᠭᠡ ᠬᠤᠪᠢ ᠰᠢᠯᠢᠳᠡᠭ ᠬᠠᠷᠢᠭᠤᠯᠲᠠ ᠶᠢᠨ | ᠬᠠᠭᠤᠳᠠᠰᠤ ᠲᠤᠰᠢᠶᠠᠪᠠ︔ ᠠᠵᠢᠯ ᠢᠶᠠᠨ ᠪᠠᠶᠢᠷᠢᠯᠠᠭᠤᠯᠤᠭᠰᠠᠨ ᠨᠢ ᠰᠢᠰᠲ᠋ᠧᠮᠲᠦ ᠰᠡᠳᠬᠢᠬᠦᠶ ᠶᠢ ᠢᠯᠡᠷᠡᠭᠦᠯᠵᠦ᠂ | ᠳᠠᠷᠠᠭᠠᠴᠢ ᠶᠢᠨ ᠠᠯᠬᠤᠮ ᠳᠤ ᠶᠠᠭᠤ ᠬᠢᠬᠦ᠂ ᠶᠠᠭᠠᠬᠢᠵᠤ ᠬᠢᠬᠦ ᠨᠢ ᠲᠦᠢᠯ ᠤᠨ ᠲᠣᠳᠣᠷᠬᠠᠶ ᠶᠤᠮ︔ ᠠᠵᠤ ᠦᠢᠯᠡᠰ ᠢ | ᠲᠥᠯᠥᠪᠵᠢᠭᠦᠯᠵᠦ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠭᠤᠣᠯᠳᠠᠯᠭ᠎ᠠ ᠶᠢ ᠲᠤᠪᠤᠶᠢᠯᠭᠠᠬᠤ᠂ ᠮᠠᠰᠢ | ᠴᠢᠩᠭ᠎ᠠ ᠵᠠᠬ᠎ᠠ ᠳᠡᠯᠭᠡᠭᠦᠷ ᠤᠨ ᠤᠬᠠᠮᠰᠠᠷ᠂ ᠨᠠᠷᠢᠨ ᠨᠢᠭᠲᠠ ᠪᠤᠳᠤᠬᠤ ᠤᠬᠠᠮᠰᠠᠷ ᠪᠠ ᠰᠢᠨ᠎ᠡ ᠶᠢ ᠡᠭᠦᠳᠬᠦ | ᠤᠬᠠᠮᠰᠠᠷ ᠲᠠᠢ︔ ᠠᠷᠠᠳ ᠤᠨ ᠲᠥᠯᠥᠭᠡ ᠭᠡᠬᠦ ᠰᠡᠳᠬᠢᠯᠭᠡ ᠶᠢ ᠠᠬᠤᠭᠤᠯᠵᠤ᠂ ᠠᠷᠠᠳ ᠤᠨ ᠠᠮᠢᠳᠤᠷᠠᠯ ᠤᠨ | ᠲᠠᠩᠰᠠ ᠶᠢ ᠪᠤᠳᠤᠵᠤ᠂ ᠠᠷᠠᠳ ᠤᠨ ᠠᠮᠢᠳᠤᠷᠠᠯ ᠤᠨ ᠶᠠᠪᠤᠳᠠᠯ ᠢ ᠶᠠᠷᠢᠵᠤ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠢᠯᠡᠷᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ | ᠡᠷᠴᠢ ᠵᠣᠷᠢᠭ ᠢ ᠬᠥᠭᠵᠢᠭᠡᠭᠰᠡᠨ ᠰᠠᠶᠢᠨ ᠢᠯᠡᠳᠬᠡᠯ ᠪᠣᠯᠣᠨ᠎ᠠ ᠬᠡᠪᠡ᠃ | ᠵᠧᠦ ᠺᠠᠢ ᠬᠡᠯᠡᠬᠦ ᠳᠡᠭᠡᠨ᠂ ᠤᠯᠠᠭᠠᠨᠴᠠᠪ ᠬᠤᠳᠠ ᠶᠢᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠣᠰᠣᠭᠠᠷ᠂ ᠢᠯᠡᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠪᠣᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠪᠣᠬᠢᠷᠲᠤᠯ ᠦᠭᠡᠢ ᠲᠡᠮᠦᠷ ᠤᠨ | ᠬᠠᠶᠢᠯᠤᠰᠢ᠂ ᠰᠢᠨ᠎ᠡ ᠡᠨᠧᠷᠭᠢ᠂ ᠲᠤᠮᠤ ᠳ᠋ᠠᠶᠢᠲ᠋ᠠ᠂ ᠰᠢᠨ᠎ᠡ ᠮᠠᠲ᠋ᠧᠷᠢᠶᠠᠯ᠂ ᠲᠥᠮᠥᠰᠥ᠂ ᠰᠣᠶᠣᠯ ᠵᠢᠭᠤᠯᠴᠢᠯᠠᠯ ᠵᠡᠷᠭᠡ | ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ | ᠪᠣᠬᠢᠷᠲᠤᠯ ᠦᠭᠡᠢ᠂ ᠤᠶᠤᠨᠴᠢᠯᠠᠭᠰᠠᠨ᠂ ᠣᠳᠣᠬᠢᠴᠢᠯᠠᠭᠰᠠᠨ ᠳᠤ ᠠᠩᠬᠠᠷᠤᠯ ᠢᠶᠠᠨ ᠬᠠᠨᠳᠤᠭᠤᠯᠵᠤ᠂ ᠨᠢᠭᠡ ᠪᠦᠯᠦᠭ | ᠮᠢᠩᠭᠠᠨ ᠳ᠋ᠦᠩᠰᠢᠭᠤᠷ᠂ ᠵᠠᠭᠤᠨ ᠳ᠋ᠦᠩᠰᠢᠭᠤᠷ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠤᠶᠢᠵᠢᠭᠤᠯᠵᠤ᠂ | ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠬᠤ ᠲᠠᠪᠴᠠᠩ ᠳᠤ ᠲᠦᠰᠢᠭᠯᠡᠨ᠂ ᠪᠡᠭᠡᠵᠢᠩ ᠤᠨ ᠨᠠᠷᠠᠲᠤ ᠪᠠᠭᠰᠢ᠂ ᠨᠠᠷᠠᠲᠤ ᠡᠮᠴᠢ | ᠤᠯᠠᠭᠠᠨᠴᠠᠪ ᠲᠤ ᠢᠷᠡᠵᠦ ᠵᠢᠭᠠᠨ ᠰᠤᠷᠭᠠᠬᠤ᠂ ᠰᠠᠭᠤᠵᠤ ᠡᠮᠨᠡᠭᠦᠯᠬᠦ᠂ ︽ᠳᠠᠭᠠᠭᠤᠯᠤᠨ ᠬᠥᠮᠦᠵᠢᠭᠦᠯᠬᠦ︾ ᠶᠢ | ᠠᠬᠢᠭᠤᠯᠵᠤ᠂ ᠠᠷᠠᠳ ᠣᠯᠠᠨ ᠳᠤ ᠰᠢᠯᠢᠳᠡᠭ ᠰᠤᠷᠭᠠᠨ ᠬᠥᠮᠦᠵᠢᠯ ᠪᠠ ᠡᠮᠴᠢᠯᠡᠭᠡᠨ ᠤ ᠦᠢᠯᠡᠴᠢᠯᠡᠭᠡ ᠡᠳ᠋ᠯᠡᠭᠦᠯᠦᠨ᠎ᠡ︔ | ᠬᠤᠲᠠ ᠰᠢᠶᠠᠨ ᠰᠢᠶᠠᠩ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶᠂ ᠵᠣᠯ | ᠵᠢᠷᠭᠠᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠲᠠᠶᠢᠴᠤᠳ ᠢ | ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠨ᠎ᠠ ᠭᠡᠵᠡᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |