1 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠠᠴᠠ | ᠭᠤᠣᠯᠯᠠᠨ ᠡᠷᠬᠢᠯᠡᠵᠦ᠂ ᠡᠪᠯᠡᠯ ᠤᠨ ᠬᠤᠳᠠ ᠶᠢᠨ ᠬᠤᠷᠢᠶ᠎ᠠ᠂ ᠬᠤᠳᠠ ᠶᠢᠨ ᠪᠡᠭᠡᠵᠢᠩ ᠳᠤ ᠰᠠᠭᠤᠭ᠎ᠠ ᠬᠤᠯᠪᠣᠭ᠎ᠠ | ᠠᠪᠬᠤ ᠭᠠᠵᠠᠷ ᠠᠴᠠ ᠳᠠᠭᠠᠭᠠᠴᠢᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠤᠯᠠᠭᠠᠨᠴᠠᠪ ᠬᠤᠳᠠ ᠶᠢᠨ | ᠵᠠᠯᠠᠭᠤᠴᠤᠳ ᠤᠨ ᠬᠥᠭᠵᠢᠯᠲᠡ ᠶᠢᠨ ᠶᠠᠷᠢᠯᠴᠠᠬᠤ ᠬᠤᠷᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ | ︽ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠤᠯᠠᠭᠠᠨᠴᠠᠪ︾ ᠢᠶᠠᠷ ᠭᠤᠣᠯ ᠰᠡᠳᠦᠪ ᠪᠣᠯᠭᠠᠵᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠤᠨ ᠪᠠᠶᠢᠳᠠᠯ ᠢ ᠬᠠᠮᠲᠤᠪᠠᠷ | ᠶᠠᠷᠢᠯᠴᠠᠵᠤ᠂ ᠬᠥᠭᠵᠢᠯᠲᠡ ᠶᠢ ᠬᠠᠮᠲᠤᠪᠠᠷ ᠵᠥᠪᠳᠡᠯᠴᠡᠵᠦ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠳᠤ | ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠯᠢ ᠶᠦᠩ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠠᠨ ᠯᠢ ᠪᠢᠩ ᠬᠤᠷᠠᠯ ᠳᠤ ᠣᠷᠣᠯᠴᠠᠪᠠ᠃ | ᠬᠤᠷᠠᠯ ᠳᠡᠬᠡᠷ᠎ᠡ᠂ ᠤᠯᠠᠭᠠᠨᠴᠠᠪ ᠨᠤᠳᠤᠭ ᠲᠠᠢ ᠪᠡᠬᠡᠵᠢᠩ ᠳᠤ ᠪᠠᠶᠢᠭ᠎ᠠ ᠢᠳᠡᠷ ᠵᠠᠯᠠᠭᠤ ᠳᠤᠰᠬᠠᠢ ᠮᠡᠷᠬᠡᠵᠢᠯᠳᠡᠨ | ᠡᠷᠳᠡᠮᠳᠡᠨ ᠨᠠᠷ ᠦᠪᠡᠷ ᠦᠪᠡᠷ ᠤᠨ ᠢᠶᠠᠨ ᠴᠢᠳᠠᠮᠠᠭᠠᠢ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠵᠤ᠂ ᠮᠡᠳᠡᠭᠡ | ᠵᠠᠩᠬᠢ ᠶᠢᠨ ᠠᠵᠤ ᠦᠢᠯᠡᠰ᠂ ᠲᠠᠯᠳᠠ ᠪᠤᠳᠠᠰ ᠢ ᠬᠠᠶᠢᠨ ᠰᠦᠪᠡᠭᠴᠢᠯᠡᠬᠦ᠂ ᠬᠠᠭᠠᠰ ᠳᠠᠮᠵᠢᠭᠤᠯᠤᠭᠴᠢ ᠶᠢᠨ ᠳᠠᠭᠤᠨ | ᠬᠤᠯᠪᠤᠭᠠᠳᠤ ᠰᠠᠯᠠᠭ᠎ᠠ ᠮᠦᠴᠢᠷ ᠵᠢᠴᠢ ᠬᠡᠷᠡᠯ ᠤᠨ ᠤᠬᠠᠭᠠᠨ ᠤ ᠬᠦᠢᠳᠡᠨ ᠢᠶᠠᠷ ᠦᠢᠯᠡᠳᠬᠦ᠂ ᠤᠷᠭᠤᠮᠠᠯ ᠤᠨ ᠪᠢᠴᠢᠯ | ᠠᠮᠢ ᠠᠬᠤᠢ ᠶᠢᠨ ᠨᠠᠶᠢᠷᠠᠯᠳᠠ ᠶᠢ ᠨᠡᠬᠡᠬᠡᠬᠦ ᠵᠡᠷᠬᠡ ᠳᠠᠯ᠎ᠠ ᠪᠠᠷ ᠭᠤᠤᠯ ᠰᠡᠳᠦᠪᠳᠤ ᠶᠠᠷᠢᠶ᠎ᠠ ᠳᠠᠯᠪᠢᠵᠤ᠂ ᠬᠠᠮᠤᠭ ᠤᠨ | ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠳᠦᠬᠡᠯ ᠪᠠ ᠠᠵᠢᠯ ᠳᠦᠷᠦᠯ ᠤᠨ ᠡᠮᠤᠨ᠎ᠡ ᠵᠠᠬ᠎ᠠ ᠶᠢᠨ | ᠬᠦᠳᠡᠯᠦᠩᠬᠦᠢ ᠪᠠᠶᠢᠳᠠᠯ ᠢ ᠬᠤᠪᠢᠶᠠᠯᠴᠠᠪᠠ᠃ ᠡᠭᠦᠨ ᠤ ᠬᠠᠮᠲᠤ ᠪᠠᠰᠠ ᠤᠯᠠᠭᠠᠨᠴᠠᠪ ᠨᠤᠲᠤᠭ ᠲᠠᠢ ᠳᠡᠭᠡᠳᠦ ᠲᠡᠰ ᠤᠨ | ᠴᠢᠳᠠᠪᠤᠷᠢᠲᠠᠨ ᠤ ᠤᠶᠤᠨ ᠤ ᠬᠥᠮᠥᠷᠭᠡ ᠶᠢ ᠪᠠᠶᠢᠭᠤᠯᠤᠭᠰᠠᠨ ᠪᠥᠭᠡᠳ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠤᠶᠤᠨ ᠤ ᠬᠥᠮᠥᠷᠭᠡ ᠶᠢᠨ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ | ︽ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠨᠢᠰᠬᠦ ᠮᠡᠲᠦ ᠲᠦᠷᠭᠡᠨ ᠬᠥᠭᠵᠢᠵᠦ᠂ ᠢᠯᠠᠩᠭᠤᠶ᠎ᠠ | ᠤᠯᠠᠭᠠᠨᠴᠠᠪ ᠤᠨ ᠲᠣᠮᠣ ᠳ᠋ᠠᠶᠢᠲ᠋ᠠ ᠶᠢᠨ ᠠᠵᠤ ᠦᠢᠯᠡᠰ ᠢᠯᠡᠳᠲᠡ ᠠᠬᠢᠴᠠ ᠲᠠᠢ ᠪᠣᠯᠪᠠ︾ ᠪᠡᠭᠡᠵᠢᠩ ᠤᠨ ᠠᠭᠠᠷ | ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ ᠶᠢᠨ ᠨᠠᠮ ᠤᠨ | ᠬᠤᠷᠢᠶᠠᠨ ᠤ ᠱᠦᠵᠢ ᠯᠢ ᠵᠢᠶᠠᠨ ᠰᠢᠨ᠂ ᠤᠯᠠᠭᠠᠨᠴᠠᠪ ᠤᠨ ᠬᠥᠮᠥᠨ ᠪᠣᠯᠤᠭᠰᠠᠨ ᠤ ᠬᠤᠪᠢ ᠳᠤ᠂ ᠬᠤᠶᠢᠰᠢᠳᠠ | ᠮᠡᠳᠡᠭᠡ ᠵᠠᠩᠭᠢ ᠶᠢᠨ ᠠᠵᠤ ᠦᠢᠯᠡᠰ ᠤᠨ ᠬᠦᠷᠢᠶᠡᠨ ᠳᠤ ᠨᠤᠲᠤᠭ ᠤᠰᠤᠨ ᠤ ᠪᠠᠨ ᠢᠷᠡᠭᠡᠳᠦᠢ ᠳᠤ ᠨᠡᠩ ᠤᠯᠠᠨ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ︽ᠡᠨᠡ ᠤᠳᠠᠭᠠᠨ ᠤ ᠠᠵᠢᠯᠯᠠᠭ᠎ᠠ ᠳᠤ ᠮᠠᠰᠢ ᠠᠵᠠ ᠵᠠᠪᠰᠢᠶᠠᠨ ᠢᠶᠠᠷ ᠣᠷᠣᠯᠴᠠᠵᠤ ᠪᠠᠶᠢᠨ᠎ᠠ᠂ ᠲᠡᠷᠡ ᠨᠢ | ᠤᠯᠠᠭᠠᠨᠴᠠᠪ ᠤᠨ ᠵᠠᠯᠠᠭᠤ ᠠᠵᠤ ᠠᠬᠤᠶᠢᠯᠠᠯᠲᠠᠨ ᠪᠣᠯᠤᠨ ᠪᠡᠭᠡᠵᠢᠩ ᠤᠨ ᠵᠠᠯᠠᠭᠤ ᠠᠵᠤ ᠠᠬᠤᠶᠢᠯᠠᠯᠲᠠᠨ ᠳᠤ | ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ | ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠬᠦ | ᠪᠣᠯᠤᠨ᠎ᠠ︾ ᠭᠡᠵᠦ ᠤᠯᠠᠭᠠᠨᠴᠠᠪ ᠬᠤᠲᠠ ᠶᠢᠨ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ | ᠳᠠᠷᠤᠭ᠎ᠠ ᠸᠠᠩ ᠢᠦᠢ ᠲᠢᠩ ᠬᠡᠯᠡᠪᠡ᠃ | ᠲᠤᠰ ᠤᠳᠠᠭᠠᠨ ᠤ ᠬᠤᠷᠠᠯ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠭᠠᠨᠴᠠᠪ ᠲᠤ | ᠬᠤᠪᠢᠷᠠᠭᠤᠯᠬᠤ ᠳᠤ ᠲᠠᠪᠴᠠᠩ ᠪᠠᠶᠢᠭᠤᠯᠵᠠᠢ᠃ ᠬᠤᠷᠠᠯ ᠤᠨ ᠬᠤᠭᠤᠴᠠᠭᠠᠨ ᠳᠤ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠳᠡ ᠶᠢᠨ ᠣᠷᠣᠨ᠂ ᠤᠯᠠᠭᠠᠨᠴᠠᠪ ᠤᠨ ᠶᠠᠨ ᠼᠠᠢ ᠠᠮᠢ ᠠᠬᠤᠶ ᠶᠢᠨ ᠲᠠᠷᠢᠶᠠᠯᠠᠩ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠰ ᠲᠣᠰ ᠪᠡᠭᠡᠵᠢᠩ ᠤᠨ ᠺᠠᠩ ᠭᠦᠸᠧ ᠯᠢ ᠨᠠ ᠮᠢ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠭᠤᠮᠠᠯ ᠤᠨ | ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠯᠠᠶᠢᠰᠧᠷ ᠲᠠᠯᠠᠰᠲᠤ | ᠴᠣᠭᠴᠠ ᠶᠢᠨ ᠦᠢᠯᠡᠳᠪᠦᠷᠢᠯᠡᠯ ᠤᠨ ᠲᠥᠷᠥᠯ ᠵᠦᠢᠯ᠂ ᠴᠠᠨ᠎ᠠ ᠴᠡᠴᠡᠭ ᠤᠨ ᠦᠷ᠎ᠡ ᠴᠢᠬᠢ᠂ ᠴᠡᠴᠡᠭ ᠬᠡᠷᠴᠢᠬᠦ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠢᠰᠲ᠋ᠧᠮ᠂ ᠡᠷᠦᠳᠡᠰᠦ ᠶᠢᠨ ᠪᠢᠴᠢᠯ ᠠᠮᠢ ᠠᠬᠤᠶ ᠶᠢᠨ ᠪᠠᠺᠲ᠋ᠧᠷᠢ | ᠪᠣᠷᠲᠣᠭᠤᠷ ᠡᠭᠦᠳᠦᠨ ᠦᠢᠯᠡᠳᠬᠦ ᠵᠢᠴᠢ ᠵᠢᠱᠢᠶ᠎ᠡ ᠦᠵᠡᠭᠦᠯᠦᠨ ᠬᠡᠷᠡᠭᠯᠡᠬᠦ ᠵᠡᠷᠭᠡ ᠶᠢᠨ ᠲᠣᠭᠤᠷᠢᠨ ᠳᠤ | ᠬᠠᠮᠲᠤᠷᠠᠯᠴᠠᠭ᠎ᠠ ᠥᠷᠨᠢᠭᠦᠯᠵᠡᠢ᠃ ᠮᠠᠨ ᠤ ᠬᠤᠲᠠ ᠶᠢᠨ 9 ᠵᠠᠯᠠᠭᠤ ᠠᠵᠤ ᠠᠬᠤᠶᠢᠯᠠᠯᠲᠠᠨ ᠪᠡᠭᠡᠵᠢᠩ ᠤᠨ ᠵᠠᠯᠠᠭᠤ | ᠠᠵᠤ ᠠᠬᠤᠶᠢᠯᠠᠯᠲᠠᠨ ᠲᠠᠢ ᠬᠤᠤᠰᠯᠠᠯ ᠬᠠᠮᠲᠤᠷᠠᠯᠴᠠᠭ᠎ᠠ ᠬᠢᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |