| | ᠣᠶᠢᠷ᠎ᠠ ᠳᠤ᠂ ᠬᠤᠸᠠᠳᠧ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠴᠠᠩᠱᠦ᠋ᠨ ᠪᠠᠯᠭᠠᠰᠤᠨ ᠤ | ᠾᠦᠢ ᠮᠢᠨ ᠨᠡᠶᠢᠭᠡᠮ ᠲᠣᠭᠤᠷᠢᠭ ᠲᠤ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠢ ᠬᠠᠯᠠᠮᠵᠢᠯᠠᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠡᠪᠦᠯ ᠤᠨ ᠡᠳᠦᠷ ᠤᠨ ᠬᠠᠶᠢᠷ᠎ᠠ ᠬᠠᠯᠠᠮᠵᠢ ᠶᠢ ᠬᠦᠷᠭᠡᠵᠦ᠂ | ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠨᠡᠶᠢᠭᠡᠮ ᠤᠨ ᠶᠡᠭᠡ ᠬᠡᠷ ᠪᠦᠯᠢ ᠶᠢᠨ ᠳᠡᠮᠵᠢᠯᠭᠡ ᠪᠠ ᠬᠠᠶᠢᠷ᠎ᠠ | ᠬᠠᠯᠠᠮᠵᠢ ᠶᠢ ᠦᠨᠡᠨ ᠬᠦ ᠮᠡᠳᠡᠷᠡᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯᠲᠠᠳ ᠨᠠᠷᠢᠨ | ᠨᠢᠮᠪᠠᠶ ᠪᠡᠯᠡᠳᠬᠡᠭᠰᠡᠨ ᠠᠮᠤ ᠪᠤᠳᠠᠭ᠎ᠠ᠂ ᠭᠤᠯᠢᠷ᠂ ᠲᠣᠰᠣ᠂ ᠥᠲᠥᠨ ᠬᠥᠨᠵᠢᠯᠡ ᠵᠡᠷᠭᠡ ᠲᠣᠬᠤᠨᠢᠭᠤᠯᠬᠤ ᠪᠣᠳᠠᠰ | ᠠᠪᠴᠤ᠂ ᠲᠡᠳᠡᠨ ᠲᠠᠢ ᠵᠣᠭᠤᠭᠳᠠᠵᠤ᠂ ᠲᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠬᠡᠷ | ᠪᠦᠯᠢ ᠶᠢᠨ ᠠᠮᠢᠳᠤᠷᠠᠯ ᠤᠨ ᠪᠠᠶᠢᠳᠠᠯ ᠵᠢᠴᠢ ᠦᠷ᠎ᠡ ᠬᠡᠤᠬᠡᠳ ᠤᠨ ᠰᠤᠷᠭᠠᠨ ᠬᠥᠮᠦᠵᠢᠯ ᠠᠵᠢᠯ ᠣᠯᠭᠤᠯᠲᠠ ᠵᠡᠷᠭᠡ | ᠠᠰᠠᠭᠤᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠰᠡᠳᠬᠢᠯ ᠤᠨ ᠦᠭᠡ ᠪᠠ ᠬᠦᠰᠡᠯ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠰᠣᠨᠣᠰᠴᠤ᠂ ᠲᠡᠳᠡᠨ ᠢ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠳᠤᠮᠳᠠᠬᠢ | ᠬᠦᠴᠢᠷᠳᠡᠯ ᠪᠠ ᠥᠷᠢᠰᠥᠯᠳᠦᠭᠡᠨ ᠳᠤ ᠵᠣᠷᠢᠭᠲᠠᠶ ᠬᠠᠨᠳᠤᠬᠤ ᠶᠢ ᠵᠤᠷᠢᠭᠵᠢᠭᠤᠯᠵᠤ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ | ᠬᠠᠪᠰᠤᠷᠤᠯᠭ᠎ᠠ ᠪᠠᠷ ᠠᠮᠢᠳᠤᠷᠠᠯ ᠯᠠᠪᠲᠠᠶ ᠤᠯᠠᠮ ᠠᠴᠠ ᠤᠯᠠᠮ ᠰᠠᠶᠢᠨ ᠪᠣᠯᠬᠤ ᠶᠢ ᠢᠲᠡᠭᠡᠵᠦ ᠪᠠᠶᠢᠨ᠎ᠠ᠃ | ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠶᠠᠭ ᠡᠪᠦᠯ ᠤᠨ ᠡᠳᠦᠷ ᠤᠨ ᠨᠠᠷᠠᠨ ᠤ ᠳᠤᠯᠠᠭᠠᠨ ᠮᠡᠳᠦ᠂ | ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠰᠡᠳᠬᠢᠯ ᠢ ᠳᠤᠯᠠᠭᠠᠴᠠᠭᠤᠯᠵᠤ᠂ ᠬᠠᠯᠠᠭᠤᠨ ᠳᠤᠯᠠᠭᠠᠨ ᠥᠯᠵᠡᠶ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |