| | 12 ᠰᠠᠷ᠎ᠠ ᠶᠢᠨ 30 ᠤ ᠡᠳᠦᠷ᠂ ᠵᠢᠨᠢᠩ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠨᠠᠮ ᠤᠨ ᠬᠢᠴᠢᠶᠡᠯ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ | ᠵᠢᠴᠢ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠪᠤᠰᠤᠳ ᠳᠡᠳ᠋ | ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ︔ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ ᠲᠣᠭᠤᠷᠢᠭ ᠤᠨ ᠰᠠᠬᠢᠯᠭ᠎ᠠ ᠪᠠᠲᠤ ᠶᠢ | ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠨᠡᠶᠢᠲᠡᠯᠢᠭ ᠬᠡᠷᠡᠭ ᠤᠨ ᠵᠢᠱᠢᠶ᠎ᠡ ᠳᠤ | ᠵᠠᠳᠠᠯᠤᠯᠲᠠ ᠬᠢᠪᠡ᠃ | ᠵᠠᠩ ᠶᠦᠩ ᠸᠧᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠶᠡᠬᠡᠪᠡᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ | ᠲᠣᠬᠢᠶᠠᠯ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ | ᠲᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠲᠤ ᠶᠢ ᠭᠦᠨᠳᠦᠳᠬᠡᠬᠦ᠂ ᠰᠠᠬᠢᠯᠭ᠎ᠠ ᠪᠠᠲᠤ ᠶᠢ | ᠬᠠᠮᠠᠭᠠᠯᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠪᠠ ᠶᠣᠰᠣ | ᠲᠦᠷᠢᠮ ᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠤᠯᠤᠰ | ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤ ᠥᠷᠨᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠢᠨᠠᠯᠲᠠ | ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠤᠳᠠᠭᠠᠨ | ᠪᠦᠳᠦᠭᠦᠯᠢᠭ ᠪᠠᠶᠢᠬᠤ︾ ᠰᠤᠷᠲᠠᠯ ᠢ ᠲᠦᠷᠭᠡᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ | ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠤ ᠬᠡᠯᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |