ᠴᠠᠭᠠᠨ ᠰᠠᠷ᠎ᠠ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ 1 ᠰᠠᠷ᠎ᠠ ᠶᠢᠨ 19 ᠤ ᠡᠳᠦᠷ᠂ ᠬᠤᠲᠠ ᠶᠢᠨ | ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠣᠭᠤᠳᠣᠭᠴᠢ ᠪᠠᠶᠢᠯᠳᠤᠭᠴᠢ᠂ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠬᠡᠷ ᠪᠦᠯᠢ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ | ᠨᠠᠮ ᠤᠨ ᠬᠠᠶᠢᠷ᠎ᠠ ᠬᠠᠯᠠᠮᠵᠢ ᠶᠢ ᠬᠦᠷᠭᠡᠪᠡ᠃ | ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠲᠤ ᠵᠧᠤ ᠺᠠᠶ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠮᠦᠨ᠎ᠡ ᠠᠴᠠ ᠬᠤᠲᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ | ᠠᠵᠢᠯᠲᠠᠨ ᠪᠠ ᠥᠷᠭᠡᠨ ᠣᠯᠠᠨ ᠡᠷᠦᠬᠡ ᠶᠢᠨ ᠴᠡᠷᠢᠭ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ | ᠴᠡᠷᠢᠭ ᠤᠨ ᠬᠤᠪᠢᠶᠠᠷᠢ ᠲᠣᠭᠤᠷᠢᠭ ᠤᠨ ᠣᠷᠳᠣ ᠬᠤᠭᠤᠴᠠᠭᠠᠨ ᠤ ᠲᠤᠷᠰᠢ ᠤᠯᠠᠭᠠᠨᠴᠠᠪ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠪᠡ᠃ ᠲᠡᠷᠡ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠯᠴᠠᠭ᠎ᠠ | ᠰᠣᠯᠢᠯᠴᠠᠭ᠎ᠠ ᠪᠠᠨ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ | ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠬᠡᠯᠡᠪᠡ᠃ | ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠳᠤ᠂ ᠵᠧᠤ ᠺᠠᠶ ᠰᠠᠯᠪᠤᠷᠢ | ᠠᠩᠭᠢ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠪᠥᠬᠦ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠣᠭᠤᠳᠣᠭᠴᠢ | ᠪᠠᠶᠢᠯᠳᠤᠭᠴᠢᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠣᠯᠠᠨ ᠤ ᠣᠷᠳᠣ ᠬᠤᠭᠤᠴᠠᠭᠠᠨ ᠤ ᠲᠤᠷᠰᠢ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ | ᠨᠡᠮᠡᠷᠢ ᠳᠤ ᠲᠠᠯᠠᠷᠬᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ | ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠤᠶᠤᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠵᠡᠷᠭᠡ | ᠠᠷᠭ᠎ᠠ ᠪᠠᠷᠢᠯ ᠢ ᠢᠳᠡᠪᠬᠢᠲᠡᠢ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠦᠮᠡᠨ ᠡᠷᠦᠬᠡ ᠶᠢᠨ ᠳ᠋ᠧᠩ ᠢ | ᠰᠠᠬᠢᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠠᠵᠢᠯ ᠠᠴᠠ ᠪᠠᠨ ᠠᠮᠠᠷᠠᠭᠰᠠᠨ ᠨᠥᠭᠴᠢᠭᠰᠡᠨ ᠺᠠᠳ᠋ᠷ ᠤᠨ ᠭᠡᠷ ᠪᠦᠯᠢ ᠶᠢᠨ ᠬᠢᠨ ᠪᠣᠯᠬᠤ ᠢᠦᠢ ᠹᠧᠩ ᠵᠧᠨ᠂ | ᠠᠵᠢᠯ ᠠᠴᠠ ᠪᠠᠨ ᠠᠮᠠᠷᠠᠭᠰᠠᠨ ᠺᠠᠳ᠋ᠷ ᠯᠢᠦ ᠵᠢᠶᠦ᠋ᠨ ᠤ ᠭᠡᠷ ᠲᠤ᠂ ᠵᠧᠦ ᠺᠠᠢ ᠲᠡᠳᠡᠨ ᠲᠠᠢ ᠡᠪᠦᠳᠦᠭ ᠨᠤᠭᠤᠯᠤᠨ | ᠶᠠᠷᠢᠯᠴᠠᠵᠤ᠂ ᠠᠬᠠᠮᠠᠳ ᠨᠥᠬᠦᠳ ᠤᠨ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ | ᠲᠡᠳᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠴᠠᠭᠠᠨ ᠰᠠᠷ᠎ᠠ ᠳᠠᠭᠠᠨ ᠪᠠᠶᠠᠷ ᠬᠦᠷ ᠲᠠᠢ ᠪᠠᠶᠢᠬᠤ ᠶᠢ ᠵᠥᠩᠨᠡᠪᠡ᠃ | ᠲᠡᠷᠡ᠂ ᠤᠯᠠᠭᠠᠨᠴᠠᠪ ᠤᠨ ᠬᠥᠭᠵᠢᠯᠲᠡ ᠨᠢ ᠠᠬᠠᠮᠠᠳ ᠨᠥᠬᠦᠳ ᠤᠨ ᠲᠠᠯᠪᠢᠭᠰᠠᠨ ᠪᠠᠲᠤ ᠪᠠᠬᠢ ᠰᠠᠭᠤᠷᠢ ᠠᠴᠠ | ᠰᠠᠯᠵᠤ ᠴᠢᠳᠠᠬᠤ ᠥᠬᠡᠶ ᠶᠤᠮ᠂ ᠠᠬᠠᠮᠠᠳ ᠨᠥᠬᠦᠳ ᠥᠩᠭᠡᠷᠡᠭᠰᠡᠨ ᠲᠠᠢ ᠪᠠᠨ ᠠᠳᠠᠯᠢ ᠪᠠᠷ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠤᠯᠠᠭᠠᠨᠴᠠᠪ ᠤᠨ ᠴᠢᠨᠠᠷ | ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠢᠳᠡᠪᠬᠢᠲᠡᠶ ᠡᠷᠭᠦᠬᠦ ᠶᠢ ᠬᠦᠰᠡᠵᠦ ᠪᠠᠶᠢᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠨᠥᠬᠦᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ ᠠᠬᠠᠮᠠᠳ ᠨᠥᠬᠦᠳ ᠤᠨ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠬᠡᠯᠡᠪᠡ᠃ | ᠰᠦᠢ ᠵᠢᠶᠠᠨ ᠬᠤᠸᠠ ᠣᠷᠣᠯᠴᠠᠪᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |