ᠰᠢᠩ ᠾᠧ ᠰᠢᠶᠠᠨ᠄ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠣᠯᠠᠨ ᠲᠦᠮᠡᠨ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/1/20
           ᠣᠶᠢᠷ᠎ᠠ ᠳᠤ᠂ ᠰᠢᠩ ᠾᠧ ᠰᠢᠶᠠᠨ ᠤ 2025 ᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠠᠩ ᠭᠤᠤ ᠪᠠᠯᠭᠠᠰᠤᠨ ᠤ ᠵᠠᠩ ᠭᠤᠤ ᠲᠣᠰᠬᠤᠨ ᠳᠤ ᠶᠠᠪᠤᠭᠳᠠᠪᠠ᠃    ᠬᠡᠳᠦᠶᠢᠪᠡᠷ ᠭᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠲᠡᠭ ᠠᠴᠠ ᠳᠣᠷᠣᠭᠰᠢ 15 ᠭᠷᠠᠳᠦ᠋ᠰ ᠲᠤ ᠬᠦᠷᠦᠭᠰᠡᠨ ᠪᠣᠯᠪᠠᠴᠤ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠨᠢ ᠡᠨᠡ ᠬᠦ ᠮᠥᠰᠥ ᠴᠠᠰᠤᠨ ᠳᠤ ᠬᠤᠴᠢᠭᠳᠠᠭᠰᠠᠨ ᠨᠤᠲᠤᠭ ᠳᠡᠪᠢᠰᠬᠡᠷ ᠳᠡᠭᠡᠷ᠎ᠡ ᠭᠤᠶᠢᠳᠡ ᠰᠠᠶᠢᠬᠠᠨ ᠶᠠᠪᠤᠭᠳᠠᠵᠤ᠂ ᠭᠡᠷ ᠤᠨ ᠭᠠᠳᠠᠨ᠎ᠠ ᠵᠣᠭᠰᠣᠵᠤ ᠪᠠᠶᠢᠭ᠎ᠠ ᠬᠥᠮᠦᠰ ᠲᠤ ᠳᠤᠯᠠᠭᠠᠯᠠᠭ᠎ᠠ ᠠᠪᠴᠢᠷᠠᠵᠤ ᠥᠭᠴᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠶᠣᠯ ᠤᠷᠠᠯᠢᠭ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠬᠠᠤᠯᠢ ᠴᠠᠭᠠᠵᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠢᠯ ᠲᠦᠷᠦᠯ ᠠᠴᠠ ᠢᠷᠡᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠶᠠᠭᠠᠷᠠᠯᠲᠠᠢ ᠪᠠᠶᠢᠯ᠎ᠠ᠃ ᠬᠤᠣᠰ ᠤᠶᠠᠩᠭ᠎ᠠ ᠪᠢᠴᠢᠬᠦ ᠠᠵᠢᠯ ᠤᠨ ᠪᠠᠶᠢᠷᠢ ᠶᠢᠨ ᠡᠮᠦᠨ᠎ᠡ᠂ ᠪᠡᠭᠡ ᠶᠢᠨ ᠦᠨᠦᠷ ᠪᠢᠯᠬᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰᠬᠤᠨ ᠤ ᠠᠷᠠᠳ ᠲᠤ ᠢᠷᠥᠭᠡᠯ ᠵᠥᠩᠨᠡᠯ ᠢᠶᠠᠷ ᠪᠢᠯᠬᠠᠭᠰᠠᠨ ᠬᠤᠣᠰ ᠤᠶᠠᠩᠭ᠎ᠠ ᠬᠦᠷᠭᠡᠪᠡ︔ ᠡᠷᠡᠭᠦᠯ ᠮᠡᠨᠳᠦ ᠶᠢ ᠬᠦᠷᠭᠡᠭᠰᠡᠨ ᠭᠠᠵᠠᠷ ᠲᠤ ᠡᠮᠴᠢ ᠨᠡᠷ ᠤᠯᠠᠨ ᠲᠦᠮᠡᠨ ᠤ ᠴᠢᠰᠤᠨ ᠰᠢᠬᠢᠷ ᠢ ᠬᠡᠮᠵᠢᠵᠦ᠂ ᠰᠤᠳᠠᠯ ᠪᠠᠷᠢᠵᠤ ᠡᠮᠨᠡᠭᠦᠯᠪᠡ︔ ᠲᠣᠭᠯᠠᠯᠲᠠ ᠭᠠᠷᠭᠠᠬᠤ ᠲᠠᠪᠴᠠᠩ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠣᠭᠯᠠᠯᠲᠠ ᠭᠠᠷᠭᠠᠪᠠ᠃ ᠲᠣᠰᠬᠤᠨ ᠤ ᠠᠷᠠᠳ ᠪᠠᠶᠠᠷᠯᠠᠨ ᠢᠨᠢᠶᠡᠯᠴᠡᠵᠦ ᠠᠭᠤᠳᠠᠮ ᠲᠠᠯᠠᠪᠠᠢ ᠶᠢᠨ ᠣᠭᠲᠠᠷᠭᠤᠢ ᠳᠤ ᠴᠤᠤᠷᠢᠶᠠᠲᠤᠨ᠂ ᠬᠠᠮᠲᠤᠪᠠᠷ ᠪᠠᠶᠠᠷ ᠬᠦᠷ ᠲᠠᠢ ᠡᠶ᠎ᠡ ᠨᠠᠶᠢᠷᠠᠮᠳᠠᠭᠤ ᠠᠭᠤᠷ ᠠᠮᠢᠰᠬᠤᠯ ᠤᠨ ᠳᠤᠮᠳᠠ ᠴᠠᠭᠠᠨ ᠰᠠᠷ᠎ᠠ ᠪᠠᠨ ᠪᠠᠶᠠᠷᠯᠠᠨ ᠤᠭᠲᠤᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠤᠩᠰᠢᠯᠭ᠎ᠠ ᠶᠢ ᠬᠤᠪᠢᠶᠠᠯᠴᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠰᠣᠶᠣᠯ ᠤᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠤᠬᠠᠭᠤᠯᠭ᠎ᠠ ᠵᠡᠷᠭᠡ 10 ᠭᠠᠷᠤᠶ ᠰᠠᠶᠢᠨ ᠳᠤᠷ᠎ᠠ ᠶᠢᠨ ᠰᠠᠯᠪᠤᠷᠢ ᠪᠠᠭ᠎ᠠ ᠠᠩᠭᠢ ᠪᠦᠷᠢᠯᠳᠦᠬᠦᠯᠵᠤ ᠪᠥᠬᠦ ᠰᠢᠶᠠᠨ ᠤ 9 ᠰᠢᠶᠠᠩ ᠪᠠᠯᠭᠠᠰᠤᠨ ᠳᠤ ᠵᠡᠷᠭᠡ ᠪᠠᠷ ᠦᠢᠯᠡᠴᠢᠯᠡᠭᠡ ᠥᠷᠨᠢᠭᠦᠯᠵᠦ᠂ ᠲᠠᠷᠢᠶᠠᠯᠠᠩ ᠳᠤ ᠦᠢᠯᠡᠴᠢᠯᠡᠬᠦ᠂ ᠬᠥᠳᠡᠭᠡ ᠲᠣᠰᠬᠤᠨ ᠳᠤ ᠦᠢᠯᠡᠴᠢᠯᠡᠬᠦ᠂ ᠲᠠᠷᠢᠶᠠᠴᠢᠳ ᠲᠤ ᠦᠢᠯᠡᠴᠢᠯᠡᠬᠦ ᠰᠢᠨ᠎ᠡ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠪᠠ ᠡᠷᠡᠭᠦᠯ ᠮᠡᠨᠳᠦ ᠶᠢ ᠳᠠᠮᠵᠢᠭᠤᠯᠪᠠ᠃                         ᠵᠣᠬᠢᠶᠠᠭᠴᠢ᠄ ᠰᠦᠨ ᠭᠦᠸᠧ ᠵᠢᠶᠦ᠋ᠨ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2