ᠯᠢᠶᠠᠩᠴᠧᠩ ᠰᠢᠶᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠳᠡᠭᠡᠨ᠂ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/20
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠠᠷᠢᠶᠠᠲᠤ ᠣᠷᠣᠨ ᠤ ᠠᠷᠠᠳ ᠣᠯᠠᠨ ᠤ ᠠᠮᠤᠷ ᠲᠦᠪᠰᠢᠨ ᠡᠶ᠎ᠡ ᠨᠠᠶᠢᠷᠠᠮᠳᠠᠭᠤ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠬᠠᠷᠢᠶᠠᠲᠤ ᠣᠷᠣᠨ ᠤ ᠪᠠᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠬᠠᠤᠯᠢ ᠬᠡᠷᠡᠭᠵᠢᠭᠦᠯᠬᠦ ᠠᠵᠢᠯᠲᠠᠨ ᠵᠢᠯ ᠤᠨ ᠰᠡᠭᠦᠯᠴᠢ ᠵᠢᠯ ᠤᠨ ᠡᠬᠢᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠮᠣ ᠬᠡᠲᠦ ᠳᠡᠯᠭᠡᠭᠦᠷ᠂ ᠮᠢᠬᠠᠨ ᠢᠳᠡᠭᠡᠨ ᠤ ᠳᠡᠯᠭᠡᠭᠦᠷ ᠪᠣᠯᠤᠨ ᠢᠳᠡᠭᠡᠨ ᠤᠮᠳᠠᠭᠠᠨ ᠤ ᠦᠢᠯᠡᠴᠢᠯᠡᠬᠡᠨ ᠤ ᠨᠢᠬᠡᠴᠢ ᠳᠤ ᠭᠦᠨᠵᠡᠭᠡᠶᠢᠷᠡᠵᠦ᠂ ᠮᠢᠬᠠᠨ ᠤ ᠵᠦᠢᠯ᠂ ᠢᠳᠡᠰᠢᠨ ᠨᠣᠭᠤᠭ᠎ᠠ᠂ ᠵᠢᠮᠢᠰ᠂ ᠠᠮᠤ ᠲᠣᠰᠣ ᠵᠡᠷᠭᠡ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ ᠢᠳᠡᠭᠡᠨ ᠤ ᠵᠦᠢᠯ ᠳᠤ ᠴᠢᠩᠭ᠎ᠠ ᠨᠢᠮᠪᠠᠶ ᠪᠠᠶᠢᠴᠠᠭᠠᠯᠲᠠ ᠬᠢᠵᠦ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠭᠡᠷᠡᠴᠢ ᠪᠠᠷᠢᠮᠲᠠ ᠠᠪᠬᠤ᠂ ᠴᠢᠨᠠᠷ ᠢ ᠪᠠᠲᠤᠯᠠᠬᠤ ᠬᠤᠭᠤᠴᠠᠭ᠎ᠠ᠂ ᠬᠠᠭᠤᠷᠮᠠᠭ ᠢᠶᠠᠷ ᠦᠨᠡᠨ ᠢ ᠣᠷᠣᠯᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃    ᠡᠪᠦᠯ ᠤᠨ ᠤᠯᠠᠷᠢᠯ ᠸᠢᠷᠦ᠋ᠰ ᠳᠡᠯᠭᠡᠷᠡᠵᠤ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠬᠢᠭᠡᠳ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠴᠢᠩᠭ᠎ᠠ ᠠᠳᠬᠤᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠡᠮ ᠤᠨ ᠵᠦᠢᠯ ᠢ ᠡᠵᠡᠩᠨᠡᠬᠦ᠂ ᠬᠡᠷᠡᠭᠯᠡᠬᠦ ᠨᠢᠭᠡᠴᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠡᠵᠡᠩᠨᠡᠯᠲᠡ ᠶᠢᠨ ᠬᠢᠷᠢ ᠬᠡᠮ᠂ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠮ ᠤᠨ ᠵᠦᠢᠯ ᠢ ᠬᠤᠳᠠᠯᠳᠤᠨ ᠣᠷᠣᠭᠤᠯᠬᠤ ᠠᠷᠭ᠎ᠠ ᠵᠠᠮ ᠨᠢ ᠬᠠᠤᠯᠢ ᠶᠣᠰᠣᠨ ᠳᠤ ᠨᠡᠶᠢᠴᠡᠬᠦ ᠡᠰᠡᠬᠦ᠂ ᠪᠣᠭᠤᠳᠠᠯᠯᠠᠬᠤ ᠢᠯᠡᠳᠬᠡᠮᠵᠢ ᠶᠢᠨ ᠳᠤᠯᠠᠭᠠᠨ ᠤ ᠬᠡᠮᠵᠢᠶ᠎ᠡ ᠵᠡᠷᠭᠡ ᠱᠠᠭᠠᠷᠳᠠᠯᠭ᠎ᠠ ᠶᠣᠰᠣᠭᠠᠷ ᠡᠮ ᠤᠨ ᠵᠦᠢᠯ ᠢ ᠬᠠᠳᠠᠭᠠᠯᠠᠭᠰᠠᠨ ᠡᠰᠡᠬᠦ᠂ ᠵᠣᠷ ᠤᠨ ᠡᠮ ᠤᠨ ᠪᠣᠷᠣᠯᠠᠭᠤᠯᠭ᠎ᠠ ᠨᠢ ᠵᠢᠷᠤᠮᠵᠢᠭᠰᠠᠨ ᠡᠰᠡᠬᠦ ᠵᠡᠷᠭᠡ ᠭᠤᠭᠴᠤᠭ᠎ᠠ ᠳᠤ ᠭᠤᠤᠯᠳᠠᠯᠭ᠎ᠠ ᠲᠠᠢ ᠪᠠᠷ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠢ ᠶᠢᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢ ᠲᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠥᠷᠭᠡᠨ ᠣᠯᠠᠨ ᠠᠷᠠᠳ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠪᠠ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2