ᠵᠧᠦ ᠺᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠦᠯᠬᠦᠮ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠤᠯᠠᠭᠠᠨᠴᠠᠪ ᠡᠩᠬᠡ ᠲᠠᠶᠢᠪᠤᠩ ᠤᠯᠠᠭᠠᠨᠴᠠᠪ ᠢ ᠴᠢᠷᠮᠠᠶᠢᠨ ᠪᠠᠶᠢᠭᠤᠯᠤᠨ᠎ᠠ ᠭᠡᠵᠡᠢ
ᠨᠡᠶᠢᠲᠡᠯᠡᠭᠰᠡᠨ ᠴᠠᠭ᠄
2025/1/21
   1 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠦᠯᠬᠦᠮ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠤᠯᠠᠭᠠᠨᠴᠠᠪ ᠡᠩᠬᠡ ᠲᠠᠶᠢᠪᠤᠩ ᠤᠯᠠᠭᠠᠨᠴᠠᠪ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃     ᠵᠧᠦ ᠺᠠᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠢᠯᠡ ᠲᠣᠳᠣ ᠭᠤᠣᠯ ᠰᠢᠵᠢᠮ ᠢ ᠲᠤᠪᠤᠶᠢᠯᠭᠠᠵᠦ᠂ ᠥᠪᠥᠷ ᠮᠣᠩᠭᠤᠯ ᠤᠨ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠢᠯᠡᠷᠡᠭᠦᠯᠵᠦ᠂ ᠬᠠᠤᠯᠢ ᠪᠠᠷ ᠣᠷᠣᠨ ᠢᠶᠠᠨ ᠵᠠᠰᠠᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠡᠷᠡᠰ ᠪᠠᠲᠤ ᠣᠪᠣᠷ ᠢ ᠢᠯᠡᠷᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠵᠦ ᠬᠡᠯᠡᠪᠡ᠃     ᠵᠧᠦ ᠺᠠᠢ᠂ ᠬᠤᠳᠠ ᠶᠢᠨ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠥᠪ ᠭᠤᠣᠯᠴᠢ ᠪᠠᠷ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠠᠤᠯᠢ ᠴᠠᠭᠠᠵᠠ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠲᠦᠷᠦᠭᠦᠯᠡᠨ ᠰᠠᠶᠢᠲᠤᠷ ᠰᠤᠷᠤᠯᠴᠠᠵᠤ᠂ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠥᠯᠥᠭᠡᠯᠡᠬᠦ ᠠᠷᠠᠳ ᠤᠨ ᠠᠮᠢᠳᠤᠷᠠᠯ ᠤᠨ ᠬᠡᠷᠡᠭ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠡᠷᠬᠢᠯᠡᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ ᠭᠡᠵᠦ ᠬᠡᠯᠡᠪᠡ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ                                
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2