ᠮᠠᠨ ᠤ ᠬᠤᠲᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠠ ᠨᠠᠮ ᠤᠨ ᠭᠠᠳᠠᠨᠠᠬᠢ ᠬᠥᠮᠦᠰ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠠᠨᠠᠯ ᠬᠤᠷᠢᠶᠠᠪᠠ
ᠨᠡᠶᠢᠲᠡᠯᠡᠭᠰᠡᠨ ᠴᠠᠭ᠄
2025/1/22
   1 ᠰᠠᠷ᠎ᠠ ᠶᠢᠨ 19 ᠤ ᠡᠳᠦᠷ᠂ ᠮᠠᠨ ᠤ ᠬᠤᠲᠠ ᠶᠠᠷᠢᠯᠴᠠᠬᠤ ᠬᠤᠷᠠᠯ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠤᠷᠠᠭ︶︾ ᠤᠨ ᠲᠤᠬᠠᠶ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠠ ᠨᠠᠮ ᠤᠨ ᠭᠠᠳᠠᠨᠠᠬᠢ ᠬᠥᠮᠦᠰ ᠠᠴᠠ ᠰᠠᠨᠠᠯ ᠰᠠᠨᠠᠭᠤᠯᠭ᠎ᠠ ᠬᠤᠷᠢᠶᠠᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠤᠯᠠᠭᠠᠨᠴᠠᠪ ᠤᠨ ᠠᠵᠢᠯ ᠤᠨ ᠵᠥᠪᠯᠡᠯ ᠤᠨ ᠡᠷᠬᠢᠯᠡᠭᠴᠢ ᠭᠡᠰᠢᠭᠦᠨ ᠯᠢ ᠶᠤᠸᠠᠨ ᡁᠢ ᠶᠠᠷᠢᠯᠴᠠᠬᠤ ᠬᠤᠷᠠᠯ ᠳᠤ ᠣᠷᠣᠯᠴᠠᠪᠠ᠃     ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠭᠰᠠᠨ ᠪᠠᠶᠢᠳᠠᠯ ᠢ ᠰᠣᠨᠣᠰᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠯᠠᠭᠠᠨᠴᠠᠪ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠷᠭ᠎ᠠ ᠤᠬᠠᠭᠠᠨ ᠭᠠᠷᠭᠠᠪᠠ᠃     ᠹᠠᠩ ᠽᠧ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠳᠤᠷᠠᠳᠤᠭᠰᠠᠨ ᠡᠯ᠎ᠡ ᠵᠦᠢᠯ ᠤᠨ ᠰᠠᠨᠠᠯ ᠰᠠᠨᠠᠭᠤᠯᠭ᠎ᠠ ᠨᠢ ᠮᠠᠰᠢ ᠦᠨ᠎ᠡ ᠦᠷᠳᠡᠭ ᠲᠠᠢ ᠪᠠᠶᠢᠵᠤ᠂ ᠮᠡᠳᠡᠭᠦᠯᠦᠯᠲᠡ ᠶᠢ ᠲᠡᠭᠦᠯᠳᠡᠷᠵᠢᠭᠦᠯᠬᠦ᠂ ᠠᠵᠢᠯ ᠢᠶᠠᠨ ᠰᠠᠶᠢᠵᠢᠷᠠᠭᠤᠯᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ ᠪᠠᠶᠢᠨ᠎ᠠ᠃ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠪᠠ ᠬᠤᠯᠪᠣᠭᠳᠠᠯ ᠪᠦᠬᠦᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠨᠠᠷᠢᠨ ᠬᠢᠨᠠᠮᠠᠭᠠᠢ ᠡᠮᠬᠢᠯᠡᠵᠦ᠂ ᠰᠤᠳᠤᠯᠤᠨ ᠰᠢᠩᠭᠡᠭᠡᠵᠦ᠂ ᠬᠦᠯᠢᠶᠡᠨ ᠠᠪᠤᠭᠰᠠᠨ ᠦᠭᠡᠢ ᠪᠠᠶᠢᠳᠠᠯ ᠳᠤ ᠭᠦᠢᠴᠡᠳ ᠲᠠᠶᠢᠯᠪᠤᠷᠢᠯᠠᠯᠲᠠ ᠬᠢᠵᠦ᠂ ᠣᠯᠠᠨ ᠤ ᠰᠠᠨᠠᠯ ᠰᠠᠨᠠᠭᠤᠯᠭ᠎ᠠ ᠶᠢ ᠦᠨᠡᠨ ᠬᠦ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠢᠯᠡᠳᠬᠡᠯ ᠢ ᠮᠠᠨ ᠤ ᠬᠤᠲᠠ ᠶᠢᠨ ᠪᠣᠳᠠᠲᠤ ᠪᠠᠶᠢᠳᠠᠯ ᠪᠠ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠨᠠᠮ ᠤᠨ ᠭᠠᠳᠠᠨᠠᠬᠢ ᠬᠥᠮᠦᠰ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠤᠯᠠᠭᠠᠨᠴᠠᠪ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2