| 1 ᠰᠠᠷ᠎ᠠ ᠶᠢᠨ 18 ᠤ ᠡᠳᠦᠷ᠂ 2025 ᠣᠨ ᠤ ︽ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠨᠡᠨ | ᠰᠡᠳᠬᠢᠯ ᠢᠶᠠᠷ ᠬᠠᠪᠰᠤᠷᠬᠤ︾ ᠵᠢᠨᠢᠩ ᠲᠣᠭᠤᠷᠢᠭ ᠤᠨ ᠲᠤᠮᠤ ᠬᠡᠯᠪᠡᠷᠢ ᠶᠢᠨ ᠴᠢᠳᠠᠪᠤᠷᠢᠲᠠᠨ ᠤᠷᠢᠬᠤ ᠴᠤᠭᠯᠠᠭᠠᠨ | ᠸᠧᠢ ᠳ᠋ᠦᠸᠧ ᠯᠢ ᠲᠠᠯᠠᠪᠠᠢ ᠶᠢᠨ ᠨᠢᠭᠡᠳᠦᠭᠡᠷ ᠳᠠᠪᠬᠤᠷᠯᠢᠭ ᠤᠨ ᠳᠤᠮᠳᠠ ᠲᠢᠩᠬᠢᠮ ᠳᠤ ᠶᠠᠪᠤᠭᠳᠠᠪᠠ᠃ | ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ ᠬᠥᠮᠦᠰ ᠬᠤᠷᠠᠨ ᠴᠤᠭᠯᠠᠷᠠᠵᠤ᠂ ᠬᠥᠷ ᠬᠥᠭᠵᠢᠶᠡᠨ ᠢᠶᠠᠷ | ᠪᠢᠯᠬᠠᠵᠤ᠂ ᠠᠵᠢᠯ ᠡᠷᠢᠭᠰᠡᠳ ᠲᠣᠪᠴᠢ ᠨᠠᠮᠲᠠᠷ ᠢᠶᠠᠨ ᠠᠪᠴᠤ᠂ ᠡᠯ᠎ᠡ ᠠᠵᠤ ᠠᠬᠤᠶᠢᠯᠠᠯ ᠤᠨ ᠦᠵᠡᠭᠦᠯᠭᠡ ᠶᠢᠨ | ᠪᠠᠶᠢᠷᠢ ᠶᠢᠨ ᠡᠮᠦᠨ᠎ᠡ ᠰᠦᠯᠵᠢᠯᠳᠦᠵᠦ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠷᠢᠨ ᠦᠵᠡᠵᠦ᠂ ᠰᠡᠳᠬᠢᠯ ᠨᠡᠶᠢᠴᠡᠭᠰᠡᠨ ᠠᠵᠢᠯ ᠤᠨ ᠪᠠᠶᠢᠷᠢ ᠪᠠᠨ ᠡᠷᠢᠯᠬᠢᠯᠡᠪᠡ᠃ ᠵᠠᠷᠢᠮ ᠬᠠᠯᠠᠭᠤᠨ ᠠᠵᠤ | ᠠᠬᠤᠶᠢᠯᠠᠯ ᠤᠨ ᠦᠵᠡᠭᠦᠯᠭᠡ ᠶᠢᠨ ᠪᠠᠶᠢᠷᠢ ᠶᠢᠨ ᠡᠮᠦᠨ᠎ᠡ᠂ ᠠᠵᠢᠯ ᠡᠷᠢᠭᠰᠡᠳ ᠤᠷᠲᠤ ᠮᠥᠷᠯᠡᠨ ᠵᠢᠭᠰᠠᠵᠤ ᠪᠣᠢ᠃ | ᠨᠠᠩ ᠣᠯᠠᠨ ᠴᠢᠳᠠᠪᠤᠷᠢᠲᠠᠨ ᠢ ᠡᠯᠰᠡᠬᠦ ᠶᠢᠨ ᠲᠥᠯᠥᠭᠡ᠂ ᠠᠵᠤ ᠠᠬᠤᠶᠢᠯᠠᠯ ᠤᠨ ᠬᠢᠨ ᠲᠠᠪᠤᠨ ᠳᠠᠭᠠᠳᠬᠠᠯ ᠨᠢᠭᠡ | ᠮᠥᠩᠭᠦ᠂ ᠬᠤᠨᠣᠵᠤ ᠬᠡᠪᠲᠡᠬᠦ᠂ ᠬᠤᠭᠤᠯᠠ ᠬᠠᠩᠭᠠᠬᠤ ᠨᠥᠬᠦᠪᠥᠷᠢ ᠥᠭᠬᠦ᠂ ᠣᠨ ᠤ ᠪᠡᠶ᠎ᠡ ᠶᠢᠨ ᠪᠠᠶᠢᠴᠠᠭᠠᠯᠲᠠ ᠬᠢᠬᠦ | ᠵᠡᠷᠭᠡ ︽ᠠᠰᠠᠷᠠᠮᠵᠢ ᠶᠢᠨ ᠨᠠᠷᠢᠨ ᠲᠠᠩᠰᠠ︾ ᠶᠢ ᠨᠡᠶᠢᠲᠡᠯᠡᠪᠡ᠃ | ᠡᠭᠦᠨ ᠠᠴᠠ ᠭᠠᠳᠠᠨ᠎ᠠ᠂ ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠤᠷ ᠲᠤ ᠪᠠᠰᠠ ᠲᠥᠷᠥ ᠶᠢᠨ | ᠪᠣᠳᠣᠯᠭ᠎ᠠ ᠶᠢᠨ ᠵᠥᠪᠯᠡᠯᠭᠡ ᠥᠭᠬᠦ ᠲᠣᠭᠤᠷᠢᠭ ᠭᠠᠷᠭᠠᠵᠤ᠂ ᠡᠯ᠎ᠡ ᠲᠥᠷᠥᠯ ᠤᠨ ᠠᠵᠢᠯ ᠣᠯᠤᠭᠠᠳᠤᠶ ᠬᠥᠳᠡᠯᠮᠦᠷᠢ | ᠬᠦᠴᠦᠨ ᠤ ᠠᠵᠢᠯ ᠡᠷᠢᠬᠦ ᠬᠡᠷᠡᠭᠴᠡᠭᠡ ᠶᠢ ᠬᠠᠩᠭᠠᠵᠤ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ | ᠪᠦᠲᠦᠮᠵᠢᠲᠡᠶ ︽ᠬᠤᠣᠰ ᠴᠢᠭᠯᠡᠯ ᠢᠶᠠᠷ ᠰᠣᠩᠭᠤᠬᠤ︾ ᠲᠠᠪᠴᠠᠩ ᠪᠠᠶᠢᠭᠤᠯᠵᠤ ᠥᠭᠴᠡᠶ᠃ ᠲᠣᠰ ᠤᠳᠠᠭᠠᠨ ᠤ | ᠠᠵᠢᠯᠲᠠᠨ ᠡᠯᠰᠡᠬᠦ ᠬᠤᠷᠠᠯ ᠤᠨ ᠬᠠᠩᠭᠠᠭᠰᠠᠨ ᠠᠵᠢᠯ ᠤᠨ ᠪᠠᠶᠢᠷᠢ ᠶᠢᠨ ᠠᠵᠢᠯ ᠲᠥᠷᠥᠯ ᠨᠢ ᠮᠥᠩᠭᠦᠨ ᠭᠦᠢᠯᠭᠡᠭᠡ᠂ | ᠰᠤᠷᠭᠠᠨ ᠬᠥᠮᠦᠵᠢᠯ ᠤᠨ ᠪᠣᠯᠪᠠᠰᠤᠷᠠᠯ᠂ ᠡᠯᠧᠺᠲᠷᠤᠨ ᠮᠡᠳᠡᠭᠡ ᠵᠠᠩᠭᠢ᠂ ᠢᠳᠡᠭᠡᠨ ᠤ ᠠᠵᠤ ᠦᠢᠯᠡᠳᠪᠦᠷᠢ᠂ ᠭᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠤᠨ ᠵᠠᠭᠤᠴᠢᠯᠠᠭᠤᠷ ᠵᠡᠷᠭᠡ | ᠣᠯᠠᠨ ᠬᠦᠷᠢᠶ᠎ᠡ ᠶᠢ ᠬᠠᠮᠤᠷᠴᠠᠶ᠃ ᠪᠦᠷᠢᠳᠬᠡᠯ ᠢ ᠦᠨᠳᠦᠰᠦᠯᠡᠪᠡᠯ᠂ ᠠᠵᠢᠯᠲᠠᠨ ᠡᠯᠰᠡᠬᠦ ᠴᠤᠭᠯᠠᠭᠠᠨ ᠳᠤ | ᠣᠷᠣᠯᠴᠠᠭᠰᠠᠨ ᠠᠵᠤ ᠠᠬᠤᠶᠢᠯᠠᠯ 97 ᠪᠠᠶᠢᠵᠤ᠂ 1401 ᠠᠵᠢᠯ ᠣᠯᠵᠤ ᠪᠣᠯᠤᠨ᠎ᠠ᠃ | ᠲᠣᠰ ᠤᠳᠠᠭᠠᠨ ᠤ ᠠᠵᠢᠯᠯᠠᠭ᠎ᠠ ᠶᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠭᠤᠤᠯᠯᠠᠨ | ᠡᠷᠭᠢᠯᠡᠵᠦ᠂ ︽ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ︾ ᠶᠢᠨ ᠵᠠᠭᠪᠤᠷ ᠢᠶᠠᠷ ᠳᠠᠮᠵᠢᠭᠤᠯᠤᠨ᠂ ᠣᠯᠠᠨ ᠲᠠᠰ ᠳᠠᠪᠬᠤᠷᠭ᠎ᠠ ᠶᠢᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠠᠵᠤ | ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠢᠯ ᠤᠯᠬᠤ ᠳᠤ ᠬᠦᠴᠢᠷᠲᠡᠶ ᠬᠥᠮᠦᠰ ᠤᠨ ᠬᠡᠷ ᠤᠨ | ᠡᠭᠦᠳᠡᠨ ᠳᠤ ᠠᠵᠢᠯ ᠣᠯᠭᠤᠬᠤ ᠶᠢ ᠪᠡᠶᠡᠯᠡᠭᠦᠯᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |