| ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 5 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | | ᠯᠢ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠪᠥᠬᠦ ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ | ᠠᠵᠢᠯ ᠢ ᠬᠢᠨᠠᠨ ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠭᠦᠷᠭᠡᠯᠡᠵᠦ | ᠪᠦᠬᠦᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠯᠳᠦᠭᠦᠯᠬᠦ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠢᠲᠡᠭᠡᠯ ᠵᠣᠷᠢᠭ ᠢ ᠬᠦᠪᠴᠢᠯᠡᠨ᠂ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ ᠬᠦᠰᠡᠵᠦ | ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ | ᠠᠯᠬᠤᠮ ᠰᠠᠶᠢᠲᠤᠷ ᠵᠠᠰᠠᠪᠤᠷᠢ ᠣᠷᠣᠭᠤᠯᠬᠤ ᠬᠡᠷᠡᠭᠲᠡᠢ᠃ | | | | | | 2 ᠳ᠋ᠤᠭᠠᠷ ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ | ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ | ᠳᠠᠶᠢᠴᠢᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ | ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ | ᠨᠢᠭᠡᠨᠲᠡ ᠮᠠᠰᠢ ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ ᠪᠦᠲᠦᠭᠡᠯᠴᠢ ᠪᠠᠷ ᠰᠠᠶᠢᠲᠤᠷ | ᠠᠳᠬᠤᠬᠤ ᠬᠡᠷᠡᠭᠲᠡᠢ᠃ ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ | ᠤᠯᠤᠰ ᠤᠨ ᠭᠠᠳᠠᠭᠠᠳᠤ᠂ ᠣᠳᠣᠬᠠᠨ ᠪᠠ ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ | ᠲᠦᠪᠰᠢᠨ ᠵᠡᠷᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠦᠯᠦᠪᠵᠢᠭᠦᠯᠦᠨ᠂ ᠤᠯᠠᠨ ᠳᠠᠪᠬᠤᠷ ᠬᠠᠷᠠᠯᠲᠠ ᠶᠢᠨ | ᠳᠣᠣᠷᠠᠬᠢ ᠡᠯ᠎ᠡ ᠲᠠᠯ᠎ᠠ ᠶᠢᠨ ᠠᠵᠢᠯ ᠤᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ | ᠬᠠᠮᠲᠤ ᠪᠠᠰᠠ ᠰᠢᠪᠲᠤᠯᠤᠯᠲᠠ ᠬᠢᠬᠦ ᠶᠢ ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ | ᠬᠥᠭᠵᠢᠯᠲᠡ ᠶᠢᠨ ᠬᠦᠷᠢᠶ᠎ᠡ ᠴᠠᠷᠠᠭ᠎ᠠ ᠶᠢ ᠣᠨᠣᠪᠴᠢᠲᠠᠢ ᠡᠷᠢᠵᠦ᠂ ᠬᠦᠲᠦᠯᠦᠨ ᠳᠠᠭᠠᠭᠤᠯᠬᠤ ᠴᠢᠨᠠᠷ ᠢᠶᠠᠷ ᠴᠢᠩᠭ᠎ᠠ᠂ | ᠬᠥᠰᠢᠭᠦᠷᠭᠡᠲᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠰᠠᠶᠢᠲᠤᠷ ᠰᠦᠪᠡᠭᠴᠢᠯᠡᠨ᠂ ᠪᠦᠬᠦ ᠲᠠᠯ᠎ᠠ ᠶᠢ | ᠲᠠᠶᠢᠴᠢᠯᠠᠵᠤ ᠳᠡᠶᠢᠯᠬᠦ ᠨᠡᠩ ᠤᠯᠠᠨ ᠲᠣᠪᠤᠶᠢᠮ᠎ᠠ ᠬᠢᠯᠠᠰ ᠴᠡᠭ ᠢ ᠪᠤᠢ ᠪᠣᠯᠭᠠᠬᠤ ᠬᠡᠷᠡᠭᠲᠡᠢ᠃ ᠠᠵᠢᠯ ᠤᠨ | ᠦᠢᠯᠡᠳᠦᠯᠭᠡ ᠳᠤᠮᠳᠠ ᠪᠠᠨ ᠰᠦᠪᠡᠭᠴᠢᠯᠡᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ | ᠳ᠋ᠦᠩᠨᠡᠬᠦ ᠪᠠ ᠪᠠᠶᠠᠯᠢᠭᠵᠢᠭᠤᠯᠤᠨ ᠦᠷᠭᠡᠳᠬᠡᠵᠦ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠨ᠂ ᠴᠠᠭ ᠪᠠ | ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ︔ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ | ᠨᠡᠶᠢᠳᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ ᠴᠢᠭᠯᠡᠯ ᠢᠶᠠᠷ ᠬᠦᠴᠦᠯᠡᠨ᠎ᠡ︔ ᠡᠩ ᠤᠨ ᠵᠤᠷᠰᠢᠯ ᠢ | ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦ᠋ᠢᠴᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ | ᠬᠢᠭᠡᠳ ᠵᠠᠬ᠎ᠠ ᠳᠡᠯᠭᠡᠭᠦᠷ ᠤᠨ ᠦᠢᠯᠡᠳᠦᠯᠴᠡᠯ ᠢ ᠴᠢᠩᠭᠠᠳᠬᠠᠨ᠎ᠠ᠃ | ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ | ᠬᠦᠴᠢᠷ ᠢ ᠲᠠᠨᠢᠨ ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ ᠪᠤᠰᠤᠳᠴᠢ | ᠬᠤᠪᠢᠰᠤᠩᠭᠤᠢ ᠪᠠᠷ ᠬᠠᠨᠳᠤᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ | ᠪᠠ ᠭᠠᠳᠠᠭᠠᠳᠤ ᠶᠢᠨ ᠥᠷᠢᠰᠦᠯᠳᠦᠭᠡᠨ ᠢ ᠠᠷᠭᠠᠴᠠᠭᠠᠬᠤ ᠶᠢ ᠨᠢᠭᠡᠳᠦᠯᠲᠡᠢ ᠲᠦᠯᠦᠪᠵᠢᠭᠦᠯᠦᠨ᠂ ᠳᠠᠷᠤᠯᠲᠠ ᠶᠢ | ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠭᠦᠯᠬᠦ ᠶᠢ | ᠠᠬᠢᠭᠤᠯᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ | ᠠᠯᠤᠰ ᠢ ᠪᠣᠳᠣᠯᠬᠢᠯᠠᠨ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ | ᠴᠢᠷᠮᠠᠶᠢᠨ ᠠᠵᠢᠯᠯᠠᠵᠤ᠂ ᠰᠠᠶᠢᠲᠤᠷ ᠬᠢᠵᠦ ᠪᠦᠲᠦᠭᠡᠨ᠂ ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ | ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ | ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ ᠬᠠᠷᠠᠯᠲᠠ ᠶᠢ ᠲᠣᠳᠣᠷᠬᠠᠢ ᠪᠦᠭᠡᠳ | ᠦᠨᠡᠯᠡᠨ ᠵᠢᠱᠢᠬᠦ᠋ᠢᠴᠡ᠂ ᠲᠦᠷᠦ ᠶᠢᠨ ᠪᠣᠳᠣᠯᠭ᠎ᠠ ᠶᠢ ᠲᠣᠳᠣᠷᠬᠠᠢ ᠪᠦᠭᠡᠳ ᠬᠡᠷᠡᠭᠵᠢᠭᠦᠯᠬᠦ᠋ᠢᠴᠡ᠂ ᠢᠵᠢ | ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠭᠦᠢᠴᠡᠬᠦ ᠪᠣᠯᠭᠠᠵᠤ᠂ ᠨᠡᠩ ᠤᠯᠠᠨ ᠤᠶᠤᠨ | ᠴᠢᠳᠠᠯ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ ᠬᠡᠷᠡᠭᠯᠡᠬᠦ ᠶᠢᠨ ᠬᠠᠮᠲᠤ | ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ | ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠪᠦᠯᠬᠦᠮᠳᠡᠨ ᠲᠡᠮᠡᠴᠡᠵᠦ᠂ ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ | ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠦᠬᠦᠴᠡᠯ ᠢ ᠪᠤᠢ ᠪᠣᠯᠭᠠᠵᠤ᠂ ᠡᠯ᠎ᠡ ᠲᠦᠷᠦᠯ ᠤᠨ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠨᠡᠩ ᠰᠠᠶᠢᠨ ᠨᠥᠬᠦᠴᠡᠯ ᠬᠠᠩᠭᠠᠵᠤ᠂ ᠡᠯ᠎ᠡ ᠲᠦᠷᠦᠯ ᠤᠨ | ᠴᠢᠳᠠᠪᠤᠷᠢᠲᠠᠨ ᠤ ᠠᠵᠢᠯ ᠬᠢᠵᠦ ᠦᠢᠯᠡᠰ ᠪᠣᠰᠬᠠᠬᠤ ᠳᠤ ᠨᠢ ᠨᠡᠩ ᠤᠯᠠᠨ ᠠᠵᠠ ᠲᠣᠬᠢᠶᠠᠯ ᠣᠯᠭᠤᠵᠤ᠂ ᠪᠦᠬᠦ | ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ | ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ | ᠣᠷᠣᠯᠴᠠᠪᠠ᠃ |