| | 1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ | ᠱᠤᠤ ᠴᠧᠩ ᠤᠯᠠᠭᠠᠨᠴᠠᠪ ᠬᠤᠳᠠ ᠳᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ | ᠵᠢᠯᠣᠭᠤᠳᠪᠠ᠃ | | | | | 1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠤᠯᠠᠭᠠᠨᠴᠠᠪ ᠬᠤᠳᠠ ᠳᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠮᠠ | ᠵᠢᠶᠠᠨ ᠪᠢᠩ ᠰᠡᠭᠦᠳᠡᠷᠯᠡᠪᠡ | ᠬᠤᠷᠠᠯ ᠠᠴᠠ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ | ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠭᠤᠤᠯ | ᠬᠠᠷᠢᠭᠤᠴᠠᠯᠭᠠᠲᠠᠨ ᠨᠦᠬᠦᠷ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ | ᠪᠠᠶᠢᠴᠠᠭᠠᠬᠤ ᠶᠢᠨ ᠬᠠᠮᠲᠤ ᠥᠪᠡᠷ ᠤᠨ ᠵᠠᠳᠠᠯᠤᠯᠲᠠ ᠬᠢᠵᠦ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | ᠪᠤᠰᠤᠳ ᠪᠦᠷᠢᠯᠳᠦᠬᠦᠨ ᠳᠠᠷᠠᠭᠠᠯᠠᠨ ᠦᠬᠡ ᠶᠠᠷᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠦᠨᠡᠯᠡᠯᠲᠡ ᠬᠢᠪᠡ᠃ | ᠰᠦᠨ ᠱᠤᠤ ᠴᠧᠩ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠣᠯ ᠰᠡᠳᠦᠪ ᠤᠨ | ᠳᠤᠭᠤᠷᠢᠨ ᠳᠤ᠂ ᠠᠰᠠᠭᠤᠳᠠᠯ ᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠵᠠᠳᠠᠯᠵᠤ᠂ ᠴᠢᠷᠮᠠᠶᠢᠬᠤ ᠴᠢᠭᠯᠡᠯ | ᠨᠢ ᠦᠨᠡᠨ ᠪᠣᠳᠠᠲᠠᠢ ᠪᠠᠶᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠦᠨᠡᠨᠴᠢ᠂ ᠰᠢᠭᠤᠳ ᠰᠢᠯᠤᠭᠤᠨ | ᠪᠠᠶᠢᠵᠤ᠂ ᠬᠠᠷᠢᠯᠴᠠᠨ ᠬᠠᠪᠰᠤᠷᠤᠯᠴᠠᠬᠤ᠂ ᠬᠠᠮᠲᠤᠪᠠᠷ ᠳᠡᠭᠡᠭᠰᠢᠯᠡᠬᠦ᠂ ᠪᠦᠯᠬᠦᠮᠳᠡᠯ ᠢ ᠴᠢᠩᠭᠠᠳᠬᠠᠬᠤ ᠬᠠᠷᠠᠯᠳᠡ ᠳᠤ | ᠬᠦᠷᠴᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠢ ︽ᠬᠤᠷᠠᠯᠳᠤᠭᠤᠯᠬᠤ︾ ᠪᠣᠯ ᠵᠥᠪᠬᠡᠨ ᠨᠢᠭᠡᠳᠦᠭᠡᠷ | ᠠᠯᠬᠤᠮ ᠳᠡᠳᠦᠢ ᠶᠤᠮ᠂ ᠦᠷ᠎ᠡ ᠪᠦᠲᠦᠮᠵᠢ ᠨᠢ ᠶᠠᠮᠠᠷ ᠪᠤᠯᠬᠤ ᠶᠢᠨ ᠵᠠᠩᠭᠢᠯᠠᠭ᠎ᠠ ᠨᠢ ︽ᠴᠡᠭᠴᠡᠯᠡᠨ | ᠰᠠᠶᠢᠵᠢᠷᠠᠭᠤᠯᠤᠭᠰᠠᠨ︾ ᠨᠢ ᠬᠢᠷᠢ ᠵᠡᠷᠬᠡ ᠪᠠᠶᠢᠬᠤ ᠶᠢ ᠦᠵᠡᠨ᠎ᠡ᠂ ᠪᠠᠶᠢᠴᠠᠭᠠᠨ ᠢᠯᠡᠷᠡᠬᠦᠯᠦᠭᠰᠡᠨ ᠠᠰᠠᠭᠤᠳᠠᠯ ᠢ | ᠨᠠᠷᠢᠨ ᠬᠢᠨᠠᠮᠠᠭᠠᠢ ᠡᠮᠬᠢᠳᠬᠡᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠤᠳᠠᠳᠠᠢ ᠠᠳᠬᠤᠬᠤ ᠬᠡᠷᠡᠭᠳᠡᠢ᠂ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠵᠤ ᠶᠠᠭᠠᠬᠢᠭᠰᠠᠨ ᠴᠤ ᠪᠣᠯᠬᠤ ᠦᠭᠡᠢ ᠭᠡᠪᠡ᠃ | ᠰᠦᠨ ᠱᠤᠤ ᠴᠧᠩ᠂ ᠪᠣᠳᠠᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠠᠪᠤᠴᠠ ᠳᠤ᠂ | ᠭᠤᠷᠪᠠᠨ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠨᠢᠭᠡ ᠳᠤ᠂ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠳᠡᠭᠡᠳᠦ ᠱᠠᠲᠤᠨ ᠳᠤ ᠬᠡᠷᠬᠢᠨ ᠬᠠᠨᠳᠤᠬᠤ︾ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ | ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ | ᠵᠣᠷᠢᠭ ᠰᠠᠨᠠᠭ᠎ᠠ ᠶᠢ ᠲᠤᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ | ᠰᠠᠶᠢᠲᠤᠷ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ | ᠤᠯᠠᠨ ᠲᠦᠮᠡᠨ ᠳᠤ ᠬᠡᠷᠬᠢᠨ ᠬᠠᠨᠳᠤᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ | ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ | ᠦᠢᠯᠡᠴᠢᠯᠡᠬᠦ ᠬᠠᠷᠠᠭᠠᠰᠤ ᠠᠴᠠ ︽ ᠦᠨᠳᠦᠰᠦᠨ ᠱᠠᠲᠤᠨ ᠳᠤ ᠤᠶᠢᠷᠡᠳᠴᠦ︾᠂ ᠤᠯᠠᠨ ᠲᠦᠮᠡᠨ ᠳᠤ ᠪᠤᠶᠠᠨ | ᠦᠢᠯᠡᠳᠴᠦ᠂ ᠪᠤᠳᠠᠳᠠᠢ ᠠᠵᠢᠯ ᠬᠢᠬᠦ ᠶᠢ ᠪᠠᠳᠤᠯᠠᠬᠤ ᠬᠡᠷᠡᠭᠳᠡᠢ᠃ ᠭᠤᠷᠪᠠ ᠳᠤ᠂ ᠰᠠᠬᠢᠯᠭ᠎ᠠ ᠪᠠᠲᠤ ᠶᠣᠰᠣ ᠲᠦᠷᠢᠮ ᠢ | ᠴᠢᠩᠭ᠎ᠠ ᠵᠢᠷᠤᠮᠯᠠᠵᠤ᠂ ︽ᠥᠪᠡᠷ ᠤᠨ ᠪᠡᠶ᠎ᠡ ᠳᠡᠭᠡᠨ ᠬᠡᠷᠬᠢᠨ ᠬᠠᠨᠳᠤᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ | ᠬᠡᠷᠡᠭᠲᠡᠢ᠃ ᠡᠷᠬᠡ ᠶᠢ ᠬᠠᠮᠢᠭ᠎ᠠ ᠠᠴᠠ ᠤᠯᠬᠤ᠂ ᠡᠷᠬᠡ ᠶᠢ ᠬᠡᠨ ᠤ ᠲᠥᠯᠥᠭᠡ ᠬᠡᠷᠡᠭᠵᠢᠭᠦᠯᠬᠦ ᠶᠢ ᠲᠣᠳᠣᠷᠬᠠᠢ | ᠪᠤᠯᠭᠠᠵᠤ᠂ ᠳᠣᠰ ᠪᠡᠶ᠎ᠡ ᠪᠠᠨ ᠴᠢᠩᠭ᠎ᠠ ᠱᠠᠭᠠᠷᠳᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ | ᠠᠵᠢᠯᠯᠠᠭ᠎ᠠ ᠶᠢ ᠡᠷᠡᠰ ᠡᠰᠡᠷᠭᠦᠴᠡᠵᠦ᠂ ᠲᠣᠭᠲᠠᠭᠠᠯ ᠠᠴᠠ ᠵᠥᠷᠢᠴᠡᠨ ᠰᠠᠬᠢᠯᠭ᠎ᠠ ᠪᠠᠲᠤ ᠶᠢ ᠡᠪᠳᠡᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠢ ᠭᠡᠪᠡ᠃ | ᠢᠦᠢ ᠯᠢ ᠰᠢᠨ ᠣᠷᠣᠯᠴᠠᠵᠠᠢ᠃ | ᠵᠣᠬᠢᠶᠠᠭᠴᠢ᠄ ᠯᠢ ᠬᠠᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |