ᠰᠠᠶᠢᠨ ᠳᠤᠷ᠎ᠠ ᠶᠢᠨ ᠦᠢᠯᠡᠴᠢᠯᠡᠭᠡ ᠬᠥᠮᠦᠰ ᠤᠨ ᠰᠡᠳᠭᠢᠯ ᠢ ᠳᠤᠯᠠᠭᠠᠴᠠᠭᠤᠯᠦᠨ᠎ᠡ ——  ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠰᠢᠯᠢ ᠰᠢᠶᠠᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠢ ᠲᠣᠬᠤᠨᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/23
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠭᠠᠴᠠᠭ᠎ᠠ ᠲᠣᠰᠬᠤᠨ ᠤ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠨᠠᠩ ᠰᠠᠶᠢᠨ ᠬᠦᠷᠲᠡᠭᠡᠬᠦ ᠶᠢᠨ ᠲᠥᠯᠥᠭᠡ᠂ 1 ᠰᠠᠷ᠎ᠠ ᠶᠢᠨ 17 ᠤ ᠡᠳᠦᠷ᠂ ᠰᠢᠯᠢ ᠰᠢᠶᠠᠩ ᠤᠨ ᠭᠤᠷᠪᠠᠨᠬᠤᠳᠳᠤᠭ ᠲᠣᠰᠬᠤᠨ ᠤ ᠠᠷᠠᠳ ᠤᠨ ᠵᠥᠪᠯᠡᠯ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠬᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠥᠷᠨᠢᠭᠦᠯᠪᠡ᠃    ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤᠮᠳᠠ᠂ ᠭᠤᠷᠪᠠᠨᠬᠤᠳᠳᠤᠭ ᠲᠣᠰᠬᠤᠨ ᠤ ᠬᠤᠶᠠᠷ ᠵᠥᠪᠯᠡᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷᠳᠡᠯᠲᠡᠢ ᠤᠯᠠᠨ ᠲᠦᠮᠡᠨ᠂ ᠠᠬᠠᠮᠠᠳ ᠨᠠᠮ ᠤᠨ ᠭᠡᠰᠢᠭᠦᠳ ᠲᠤ ᠭᠤᠯᠢᠷ᠂ ᠲᠤᠰᠤ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠬᠦᠷᠭᠡᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠬᠤᠣᠰ ᠤᠶᠠᠩᠭ᠎ᠠ ᠠᠪᠴᠢᠷᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠳᠣᠲᠣᠨᠣᠰᠤᠭ ᠢᠶᠠᠷ ᠵᠣᠭᠤᠭᠳᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠬᠤ ᠶᠢᠨ ᠬᠠᠮᠲᠤ ᠬᠦᠴᠢᠷᠳᠡᠯᠲᠡᠢ ᠬᠡᠷᠡᠭᠴᠡᠭᠡ ᠱᠠᠭᠠᠷᠳᠠᠯᠭ᠎ᠠ ᠲᠠᠢ ᠪᠣᠯ ᠴᠠᠭ ᠲᠤᠬᠠᠢ ᠳᠤᠨᠢ ᠲᠤᠰᠬᠠᠯ ᠭᠠᠷᠭᠠᠬᠤ ᠶᠢ ᠵᠣᠷᠢᠭᠵᠢᠭᠤᠯᠵᠤ᠂ ᠬᠦᠴᠢᠷᠳᠡᠯᠲᠡᠢ ᠤᠯᠠᠨ ᠲᠦᠮᠡᠨ ᠳᠤ ᠰᠢᠨ᠎ᠡ ᠨᠢᠭᠡ ᠵᠢᠯ ᠤᠨ ᠬᠠᠯᠠᠭᠤᠨ ᠳᠤᠯᠠᠭᠠᠨ ᠵᠥᠩᠨᠡᠯ ᠳᠡᠪᠰᠢᠭᠦᠯᠵᠡᠢ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠲᠣᠰᠬᠤᠨ ᠤ ᠨᠠᠰᠤᠲᠠᠨ ᠳᠤ ᠦᠨ᠎ᠡ ᠲᠥᠯᠥᠪᠦᠷᠢ ᠦᠭᠡᠢ ᠪᠠᠷ ᠦᠰᠦ ᠵᠠᠰᠠᠵᠤ ᠥᠭᠪᠡ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ ᠳᠤ ᠣᠶᠤᠨ ᠰᠠᠨᠠᠭᠠᠨ ᠤ ᠲᠠᠯ᠎ᠠ ᠪᠠᠷ ᠬᠢ ᠲᠠᠶᠢᠳᠬᠤᠷᠠᠭᠤᠯᠤᠯ ᠪᠠ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠣᠯᠭᠤᠭᠰᠠᠨ ᠢᠶᠠᠷ ᠪᠠᠷᠠᠬᠤ ᠥᠬᠡᠶ ᠪᠠᠰᠠ ᠬᠦᠴᠢᠷᠳᠡᠯ ᠲᠠᠢ ᠬᠦᠮᠦᠰ ᠢ ᠬᠠᠪᠰᠤᠷᠤᠨ ᠳᠡᠮᠵᠢᠬᠦ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠠᠶ᠃ ᠲᠠᠷᠠᠭᠠᠴᠢ ᠶᠢᠨ ᠠᠯᠬᠤᠮ ᠳᠤ᠂ ᠰᠢᠯᠢ ᠰᠢᠶᠠᠩ ᠭᠤᠤᠯᠳᠠᠯᠭ᠎ᠠ ᠲᠠᠢ ᠬᠥᠮᠦᠰ ᠤᠨ ᠬᠠᠯᠠᠭᠤᠨ ᠳᠤᠯᠠᠭᠠᠨ ᠢ ᠦᠷᠭᠦᠯᠵᠢᠯᠡᠨ ᠰᠡᠳᠬᠢᠯ ᠳᠡᠭᠡᠨ ᠪᠤᠳᠤᠵᠤ᠂ ᠨᠡᠶᠢᠭᠡᠮ ᠤᠨ ᠡᠯ᠎ᠡ ᠵᠦᠢᠯ ᠤᠨ ᠬᠦᠴᠦᠨ ᠢ ᠨᠢᠭᠲᠠᠷᠠᠭᠤᠯᠤᠨ᠂ ᠪᠠᠶᠠᠯᠢᠭ ᠰᠠᠶᠢᠬᠠᠨ ᠰᠠᠶᠢᠨ ᠳᠤᠷ᠎ᠠ ᠶᠢᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠨᠠᠮ ᠤᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ᠂ ᠭᠠᠴᠠᠭ᠎ᠠ ᠲᠣᠰᠬᠤᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2