| | ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ | ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ | ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾ ︽ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ | ᠬᠢᠨᠠᠨ ᠵᠥᠪᠯᠡᠵᠡᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠬᠤᠷᠠᠯ ᠢ ᠡᠷᠭᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 20 ᠤ ᠡᠳᠦᠷ ᠬᠤᠷᠠᠯ | ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ | ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ | ᠢ ᠬᠢᠨᠠᠨ ᠵᠥᠪᠯᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠪᠣᠯᠣᠨ ᠲᠥᠪ ᠤᠨ ᠱᠦᠵᠢ ᠨᠠᠷ ᠤᠨ ᠭᠠᠵᠠᠷ ᠤᠨ 2024 ᠣᠨ ᠤ ᠠᠵᠢᠯ ᠢ ᠭᠦᠢᠴᠡᠳ ᠨᠤᠲᠠᠯᠠᠵᠤ᠂ | 2025 ᠣᠨ ᠤ ᠠᠵᠢᠯ ᠤᠨ ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ | ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰᠢᠶᠠᠯ | ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠲᠥᠪ ᠤᠨ ᠱᠦᠵᠢ ᠨᠠᠷ ᠤᠨ | ᠭᠠᠵᠠᠷ ᠨᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠂ ᠢᠳᠡᠪᠬᠢᠲᠡᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ | ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠭᠦᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠥᠭᠡᠷᠡᠴᠢᠯᠡᠯᠲᠡ ᠶᠢ ᠵᠢᠯᠤᠭᠤᠳᠬᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ | ᠠᠵᠢᠯ ᠬᠢᠵᠡᠢ ᠭᠡᠵᠦ ᠦᠵᠡᠪᠡ᠃ | ᠬᠤᠷᠠᠯ ᠠᠴᠠ᠂ ᠰᠢᠨ᠎ᠡ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠦᠵᠡᠯ | ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠨᠢᠭᠡᠳᠬᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠵᠥᠪ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ | ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠬᠢᠵᠦ | ᠴᠢᠳᠠᠮᠠᠭᠠᠢ ᠠᠵᠢᠯᠯᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠪ ᠤᠨ ᠱᠦᠵᠢ ᠨᠠᠷ ᠤᠨ ᠭᠠᠵᠠᠷ ᠲᠤᠰ ᠪᠡᠶ᠎ᠡ ᠶᠢᠨ ᠡᠭᠦᠷᠭᠡ | ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠴᠢᠳᠠᠪᠤᠷᠢ ᠪᠠᠨ ᠴᠢᠩᠭᠠᠳᠬᠠᠵᠤ᠂ ᠭᠤᠣᠯᠳᠠᠯᠭ᠎ᠠ ᠲᠠᠢ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ | ᠰᠠᠶᠢᠲᠠᠢ ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠣᠯᠣᠨ | ᠥᠨᠢᠳᠡ ᠶᠢᠨ ᠬᠥᠭᠵᠢᠯᠲᠡ ᠲᠠᠢ ᠬᠤᠯᠪᠣᠭᠳᠠᠬᠤ ᠮᠢᠩᠭᠠᠨ ᠣᠨ ᠤ ᠠᠤᠭ᠎ᠠ ᠪᠣᠳᠣᠯᠭ᠎ᠠ ᠮᠥᠨ᠂ ᠨᠠᠮ ᠤᠨ ᠲᠥᠪ | ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠠᠮᠠᠭᠠᠯᠠᠬᠤ ᠶᠢ | ᠴᠢᠬᠤᠯᠠᠴᠢᠯᠠᠬᠤ᠂ ᠵᠠᠰᠠᠯᠲᠠ ᠪᠠᠷ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ | ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ | ᠬᠦᠴᠦᠨ ᠪᠤᠯᠭᠠᠵᠤ᠂ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ | ᠠᠬᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠶᠢ ᠭᠦᠨᠳᠦᠳᠭᠡᠵᠦ᠂ ᠤᠰᠤ ᠬᠢᠭᠡᠳ ᠬᠥᠮᠥᠨ ᠠᠮᠠ᠂ ᠠᠮᠤ ᠪᠤᠳᠠᠭ᠎ᠠ᠂ | ᠡᠨᠧᠷᠭᠢ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠥᠭᠵᠢᠯᠲᠡ ᠶᠢᠨ ᠭᠡᠯᠪᠡᠷᠢ ᠶᠢ ᠪᠦᠭᠦ | ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ | ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠷ᠎ᠡ ᠤᠷᠤᠰᠬᠠᠯ ᠤᠨ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠠᠷᠴᠢᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠳᠤᠮᠳᠠ ᠤᠷᠤᠰᠬᠠᠯ ᠤᠨ | ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠣᠣᠷ᠎ᠠ ᠤᠷᠤᠰᠬᠠᠯ ᠤᠨ ᠨᠤᠭᠤ ᠭᠠᠵᠠᠷ ᠤᠨ | ᠬᠠᠮᠠᠭᠠᠯᠠᠯᠲᠠ ᠪᠠ ᠠᠮᠢ ᠠᠬᠤᠢ ᠶᠢᠨ ᠵᠠᠰᠠᠯᠲᠠ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ | ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠬᠤ ᠬᠡᠷᠡᠭᠲᠡᠢ᠃ | ᠬᠠᠲᠤᠨ ᠭᠤᠣᠯ ᠤᠨ ᠡᠭᠦᠷᠢᠳᠡ ᠨᠣᠮᠣᠬᠠᠨ ᠳᠥᠯᠭᠡᠨ ᠪᠠᠶᠢᠬᠤ ᠶᠢ ᠥᠴᠥᠬᠡᠨ ᠴᠦ ᠰᠤᠯᠠᠷᠠᠭᠤᠯᠤᠯ ᠦᠭᠡᠢ | ᠪᠠᠲᠤᠯᠠᠵᠤ᠂ ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ | ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠬᠠᠲᠤᠨ | ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠤᠨ ᠪᠦᠬᠦᠯᠢ ᠴᠣᠭᠴᠠ ᠶᠢᠨ | ᠴᠢᠨᠠᠷᠲᠠᠢ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ ᠭᠤᠯᠣᠮᠲᠠ ᠪᠣᠯᠣᠨ | ᠦᠨᠳᠦᠰᠦᠲᠡᠨ ᠤ ᠤᠭ ᠢᠵᠠᠭᠤᠷ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠪᠣᠯᠣᠨ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ | ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠮᠤᠵᠢ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ | ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠭᠡ | ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |