| | ᠭᠠᠪᠢᠶ᠎ᠠ ᠪᠠᠶᠢᠭᠤᠯᠵᠤ ᠢᠯᠠᠯᠲᠠ ᠶᠢᠨ ᠴᠢᠮᠡᠭᠡ ᠤᠯᠠᠮᠵᠢᠯᠠᠨ᠂ ᠪᠠᠶᠠᠷ ᠤᠨ ᠮᠡᠳᠡᠭᠡ ᠶᠢ ᠭᠡᠷ ᠲᠤ ᠨᠢ ᠬᠦᠷᠭᠡᠨ᠎ᠡ᠃ | ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ | ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠯᠢᠶᠠᠩᠴᠧᠩ ᠰᠢᠶᠠᠨ ᠵᠠᠩ ᠴᠧᠨ ᠾᠦᠢ᠂ ᠯᠢᠦ ᠬᠤᠩ | ᠢᠦᠶ᠂ ᠸᠠᠩ ᠢᠦᠶ ᠯᠦ᠂ ᠭᠦᠸᠧ ᠢᠦᠶ ᠴᠢᠩ ᠵᠡᠷᠭᠡ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠ | ᠬᠠᠭᠠᠵᠤ ᠪᠠᠶᠢᠭ᠎ᠠ ᠴᠡᠷᠢᠭ ᠤᠨ ᠬᠡᠷ ᠪᠦᠯᠢ ᠳᠤ ᠪᠠᠶᠠᠷ ᠤᠨ ᠮᠡᠳᠡᠭᠡ ᠬᠦᠷᠭᠡᠪᠡ᠃ | ᠴᠡᠷᠢᠭ ᠬᠥᠮᠦᠨ ᠭᠠᠪᠢᠶ᠎ᠠ ᠪᠠᠢᠭᠤᠯᠵᠤ ᠱᠠᠩᠨᠠᠯ ᠣᠯᠬᠤ ᠪᠣᠯ ᠠᠪᠤ ᠡᠵᠢ ᠶᠢᠨ ᠣᠮᠣᠭᠰᠢᠯ ᠮᠥᠨ᠃ ᠢᠷᠠᠭᠤ | ᠠᠯᠳᠠᠷ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠲᠤ᠂ ᠲᠣᠬᠤᠨᠢᠭᠤᠯᠬᠤ | ᠳᠤᠭᠤᠶᠢᠯᠠᠩ ᠤᠨ ᠬᠢᠨ ᠭᠡᠷ ᠪᠦᠯᠢ ᠶᠢᠨ ᠬᠢᠨ ᠳᠤ ᠤᠯᠠᠭᠠᠨ ᠬᠤᠸᠠᠷ ᠡᠯᠭᠦᠵᠦ᠂ ᠭᠠᠪᠢᠶ᠎ᠠ ᠪᠠᠶᠢᠭᠤᠯᠤᠭᠰᠠᠨ | ᠪᠠᠶᠠᠷ ᠤᠨ ᠮᠡᠳᠡᠭᠡ ᠵᠢᠴᠢ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠭᠡᠷ ᠪᠦᠯᠢ ᠶᠢᠨ ᠬᠢᠨ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠭᠡᠷ ᠪᠦᠯᠢ ᠶᠢᠨ ᠠᠮᠢᠳᠤᠷᠠᠯ᠂ ᠠᠵᠢᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ | ᠡᠭᠦᠨ ᠤ ᠬᠠᠮᠲᠤ ᠵᠢᠩᠬᠢᠨᠢ ᠠᠯᠪᠠᠨ ᠤ ᠴᠡᠷᠢᠭ ᠤᠨ ᠴᠡᠷᠢᠭ ᠠᠩᠭᠢ ᠳᠤ ᠣᠯᠤᠭᠰᠠᠨ ᠰᠢᠯᠢᠳᠡᠭ ᠬᠢᠷᠢ ᠪᠦᠲᠦᠮᠵᠢ ᠳᠤ | ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠤ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ | ᠬᠥᠮᠦᠵᠢᠭᠦᠯᠵᠦ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠭᠰᠠᠨ ᠳᠤ ᠲᠠᠯᠠᠷᠬᠠᠵᠤ ᠪᠠᠶᠢᠨ᠎ᠠ᠂ ᠬᠡᠷ | ᠪᠦᠯᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠬᠡᠦᠬᠡᠳ ᠤᠳ ᠤᠨ ᠪᠠᠲᠤ ᠴᠢᠩᠭ᠎ᠠ ᠥᠮᠥᠭ ᠲᠦᠰᠢᠭ ᠢ ᠦᠷᠭᠦᠯᠵᠢᠯᠡᠨ ᠰᠠᠶᠢᠲᠤᠷ | ᠬᠢᠵᠦ᠂ ᠳᠠᠬᠢᠨ ᠰᠢᠯᠢᠳᠡᠭ ᠠᠮᠵᠢᠯᠲᠠ ᠣᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠤᠲᠤᠭ ᠤᠰᠤᠨ ᠳᠠᠭᠠᠨ | ᠦᠷᠭᠦᠯᠵᠢᠯᠡᠨ ᠬᠡᠷᠡᠯ ᠭᠢᠯᠪᠠᠭ᠎ᠠ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠴᠡᠷᠢᠭ ᠬᠥᠮᠦᠨ ᠤ ᠡᠷᠬᠢᠮ ᠳᠡᠭᠡᠳᠦ ᠢᠷᠠᠭᠤ ᠠᠯᠳᠠᠷ ᠢ | ᠠᠴᠢᠶᠠᠯᠠᠵᠤ᠂ ᠴᠡᠷᠢᠭ ᠤᠨ ᠭᠡᠷ ᠪᠦᠯᠢ ᠶᠢᠨ ᠭᠤᠶᠠᠴᠢ ᠦᠭᠡᠢ ᠬᠤᠪᠢ ᠨᠡᠮᠡᠷᠢ ᠨᠢᠭᠳᠠᠷᠠᠭᠤᠯᠵᠤ ᠪᠠᠶᠢᠨ᠎ᠠ᠃ | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠢᠷᠠᠭᠤ ᠠᠯᠳᠠᠷᠳᠤ ᠴᠡᠷᠢᠭ ᠤᠨ ᠭᠠᠪᠢᠶ᠎ᠠ ᠪᠠᠶᠢᠭᠤᠯᠤᠭᠰᠠᠨ ᠴᠡᠷᠢᠭ | ᠬᠥᠮᠦᠨ ᠨᠢᠭᠡᠪᠦᠷᠢ ᠴᠥᠮ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠥᠷᠨᠢᠭᠦᠯᠵᠦ᠂ ᠴᠡᠷᠢᠭ ᠤᠨ ᠭᠡᠷ ᠪᠦᠯᠢ ᠳᠤ ᠨᠠᠮ | ᠪᠣᠯᠤᠨ ᠤᠯᠤᠰ ᠠᠴᠠ ᠴᠡᠷᠢᠭ ᠬᠥᠮᠦᠨ ᠢ ᠬᠦᠨᠳᠦᠳᠬᠡᠬᠦ ᠪᠠ ᠴᠡᠷᠢᠭ ᠤᠨ ᠭᠡᠷ ᠪᠦᠯᠢ ᠶᠢ ᠬᠠᠶᠢᠷᠠᠯᠠᠬᠤ ᠰᠡᠳᠬᠢᠯᠭᠡ ᠶᠢ | ᠮᠡᠳᠡᠷᠡᠭᠦᠯᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠶᠢ ᠨᠡᠮᠡᠭᠳᠡᠭᠦᠯᠵᠦ᠂ ᠡᠷᠴᠢ ᠵᠣᠷᠢᠭ ᠲᠠᠢ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠵᠤ | ᠡᠬᠡ ᠤᠯᠤᠰ ᠲᠠᠭᠠᠨ ᠬᠦᠴᠦ ᠪᠠᠨ ᠡᠷᠭᠦᠬᠦ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |